ᠴᠧᠨ ᠵᠠᠨ ᠢᠩ ᠤᠯᠠᠨ ᠲᠦᠮᠡᠨ ᠤ ᠪᠦᠯᠬᠦᠮ ᠤᠨ ᠠᠵᠢᠯ ᠢ ᠲᠣᠭᠤᠷᠢᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠄ ︽ᠨᠠᠮ ᠵᠠᠰᠠᠭ ᠤᠨ ᠱᠠᠭᠠᠷᠳᠠᠯᠭ᠎ᠠ ᠶᠤᠰᠤᠭᠠᠷ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ᠂  ᠣᠯᠠᠨ ᠲᠦᠮᠡᠨ ᠤ ᠪᠦᠯᠬᠦᠮ ᠤᠨ ᠬᠦᠴᠦᠨ ᠴᠢᠳᠠᠯ︾ ᠤᠨ ᠲᠣᠭᠤᠷᠢᠨ ᠳᠤ ᠠᠵᠢᠯ  ᠢᠶᠠᠨ ᠦᠷᠨᠢᠭᠦᠯᠵᠦ᠂ ᠬᠦᠲᠦᠯᠦᠨ ᠳᠠᠭᠠᠭᠤᠯᠬᠤ ᠴᠢᠳᠠᠪᠤᠷᠢ᠂ ᠵᠤᠬᠢᠶᠠᠨ ᠪᠠᠶᠢᠭᠤᠯᠬᠤ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠴᠢᠩᠭᠠᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2021/12/16
        12 ᠰᠠᠷ᠎ᠠ ᠶᠢᠨ 14 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠣᠯᠠᠨ ᠲᠦᠮᠡᠨ ᠤ ᠪᠦᠯᠬᠦᠮ ᠤᠨ ᠠᠵᠢᠯ ᠢ ᠲᠣᠭᠤᠷᠢᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ︽ᠨᠠᠮ ᠵᠠᠰᠠᠭ ᠤᠨ ᠱᠠᠭᠠᠷᠳᠠᠯᠭ᠎ᠠ ᠶᠤᠰᠤᠭᠠᠷ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ᠂ ᠣᠯᠠᠨ ᠲᠦᠮᠡᠨ ᠤ ᠪᠦᠯᠬᠦᠮ ᠤᠨ ᠬᠦᠴᠦᠨ ᠴᠢᠳᠠᠯ︾ ᠤᠨ ᠲᠣᠭᠤᠷᠢᠨ ᠳᠤ ᠠᠵᠢᠯ ᠢᠶᠠᠨ ᠦᠷᠨᠢᠭᠦᠯᠦᠨ᠂ ᠬᠦᠲᠦᠯᠦᠨ ᠳᠠᠭᠠᠭᠤᠯᠬᠤ ᠴᠢᠳᠠᠪᠤᠷᠢ᠂ ᠵᠣᠬᠢᠶᠠᠨ ᠪᠠᠶᠢᠭᠤᠯᠬᠤ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠴᠢᠩᠭᠠᠳᠬᠠᠵᠤ᠂ ᠦᠪᠡᠷᠰᠡᠳ ᠤᠨ ᠬᠠᠷᠢᠯᠴᠠᠵᠤ ᠪᠦᠬᠦᠢ ᠬᠦᠷᠢᠶ᠎ᠡ ᠬᠡᠪᠴᠢᠶᠡᠨ ᠤ ᠣᠯᠠᠨ ᠲᠦᠮᠡᠨ ᠢ ᠬᠠᠮᠤᠭ  ᠤᠨ ᠦᠷᠭᠡᠨ ᠬᠡᠪᠴᠢᠶ᠎ᠡ᠂ ᠬᠠᠮᠤᠭ ᠤᠨ ᠨᠢᠭᠲᠠ ᠪᠠᠷ ᠨᠠᠮ ᠤᠨ ᠲᠣᠭᠤᠷᠢᠨ ᠳᠤ ᠪᠦᠯᠬᠦᠮᠳᠡᠭᠦᠯᠬᠦ ᠬᠡᠷᠡᠭᠲᠡᠢ᠃
       ᠴᠧᠨ ᠵᠠᠨ ᠢᠩ ᠲᠣᠭᠤᠷᠢᠭ ᠤᠨ ᠠᠵᠢᠯᠲᠠᠨ ᠤ ᠶᠡᠷᠦᠩᠬᠡᠢ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ ᠂ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠲᠤ ᠲᠤᠰᠪᠤᠷᠢ ᠰᠤᠳᠤᠯᠤᠨ ᠪᠠᠶᠢᠴᠠᠭᠠᠵᠤ ᠵᠢᠭᠠᠨ ᠵᠢᠯᠤᠭᠤᠳᠴᠤ᠂ ᠨᠠᠮ ᠤᠨ ᠭᠡᠰᠢᠭᠦᠨ ᠺᠠᠳ᠋ᠷ ᠲᠠᠢ ᠲᠤᠲᠤᠨᠤᠰᠤᠭ ᠢᠶᠠᠷ ᠬᠠᠷᠢᠯᠴᠠᠬᠤ ᠶᠢᠨ ᠬᠠᠮᠲᠤ ᠳᠠᠷᠠᠭ᠎ᠠ ᠠᠯᠬᠤᠮ ᠤᠨ ᠠᠵᠢᠯ ᠳᠤ ᠪᠤᠳᠠᠲᠠᠢ ᠱᠠᠭᠠᠷᠳᠠᠯᠭ᠎ᠠ ᠳᠤᠷᠠᠳᠪᠠ᠃        ᠴᠧᠨ ᠵᠠᠨ ᠢᠩ ᠵᠢᠭᠠᠨ ᠭᠠᠷᠭᠠᠭᠰᠠᠨ ᠨᠢ᠂ ᠡᠯ᠎ᠡ ᠣᠯᠠᠨ ᠲᠦᠮᠡᠨ ᠤ ᠪᠦᠯᠬᠦᠮ ᠨᠡᠶᠢᠲᠡ ᠵᠣᠬᠢᠶᠠᠨ ᠪᠠᠶᠢᠭᠤᠯᠤᠯᠲᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠣᠷᠤᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢ ᠶᠢᠨ ᠬᠤᠷᠠᠯ᠂ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢ ᠶᠢᠨ ᠬᠤᠷᠠᠯ ᠪᠠ ᠲᠣᠭᠤᠷᠢᠭ ᠤᠨ ᠶᠢᠰᠦᠳᠦᠭᠡᠷ ᠤᠳᠠᠭᠠᠨ ᠤ ᠨᠠᠮ ᠤᠨ ᠲᠦᠯᠦᠭᠡᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠡᠯ᠎ᠡ ᠤᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠡᠷᠬᠡᠪᠰᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ  ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠪᠤᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠂  ᠨᠠᠮ ᠳᠠᠭᠠᠨ ᠦᠨᠡᠨᠴᠢ ᠪᠠᠶᠢᠬᠤ ᠶᠢ ᠦᠢᠯᠡᠳᠦᠯᠭᠡᠵᠢᠭᠦᠯᠬᠦ ᠬᠡᠷᠡᠭᠲᠡᠢ᠃        ᠴᠧᠨ ᠵᠠᠨ ᠢᠩ ᠱᠠᠭᠠᠷᠳᠠᠭᠰᠠᠨ ᠨᠢ᠂ ᠡᠯ᠎ᠡ ᠤᠯᠠᠨ ᠲᠦᠮᠡᠨ ᠤ ᠪᠦᠯᠬᠦᠮ ᠵᠤᠬᠢᠶᠠᠨ ᠪᠠᠶᠢᠭᠤᠯᠤᠯᠲᠠ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠲᠠᠢ ᠬᠠᠷᠢᠯᠴᠠᠬᠤ ᠶᠢᠨ ᠬᠦᠭᠦᠷᠭᠡ ᠬᠤᠯᠪᠤᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠲᠦᠷᠦ ᠶᠢᠨ ᠳᠠᠶᠢᠴᠢᠯᠠᠯᠲᠠ᠂ ᠤᠯᠤᠰ ᠲᠦᠷᠦ ᠶᠢᠨ ᠬᠦᠲᠦᠯᠦᠨ ᠵᠢᠯᠤᠭᠤᠳᠬᠤ ᠂ ᠤᠯᠤᠰ ᠲᠦᠷᠦ ᠶᠢᠨ ᠰᠣᠷᠭᠠᠨ ᠬᠦᠮᠦᠵᠢᠯ ᠤᠨ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠵᠤᠬᠢᠶᠠᠨ ᠪᠠᠶᠢᠭᠤᠯᠤᠯᠲᠠ ᠪᠠᠨ ᠴᠢᠩᠭᠠᠳᠬᠠᠨ᠂ ᠡᠬᠢ ᠪᠠᠶᠠᠯᠢᠭ ᠪᠠᠨ ᠨᠡᠶᠢᠳᠬᠡᠨ᠂ ᠵᠣᠷᠢᠭ ᠰᠠᠨᠠᠭ᠎ᠠ ᠪᠠᠨ ᠡᠷᠴᠢᠯᠡᠨ᠂ ᠦᠪᠡᠷᠰᠡᠳ ᠤᠨ ᠬᠦᠷᠢᠶ᠎ᠡ ᠬᠡᠪᠴᠢᠶᠡᠨ ᠤ ᠤᠯᠠᠨ ᠲᠦᠮᠡᠨ ᠳᠤ ᠨᠢᠭᠡᠨ ᠰᠡᠳᠬᠢᠯ ᠨᠡᠶᠢᠲᠡ ᠶᠢᠨ ᠵᠣᠷᠢᠭ ᠢᠶᠠᠷ ᠪᠤᠳᠠᠲᠤ ᠤᠴᠢᠷ ᠬᠢᠵᠦ᠂ ᠣᠯᠠᠨ ᠲᠦᠮᠡᠨ ᠤ ᠬᠦᠯᠢᠶᠡᠨ ᠵᠦᠪᠰᠢᠶᠡᠷᠡᠬᠦ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠰᠠᠭ᠎ᠠ ᠰᠠᠶᠢᠲᠤ ᠬᠦᠭᠵᠢᠯᠲᠡ  ᠳᠤ ᠦᠨᠢᠷ ᠬᠦᠴᠦᠨ ᠢ ᠲᠦᠪᠯᠡᠷᠡᠭᠦᠯᠦᠨ ᠠᠬᠢᠭᠤᠯᠬᠤ ᠬᠡᠷᠡᠭᠲᠡᠢ᠃        ᠲᠤᠭᠤᠷᠢᠭ ᠤᠨ ᠤᠳᠤᠷᠢᠳᠤᠯᠭ᠎ᠠ ᠢᠦᠢ ᠴᠦᠨ ᠢᠦᠢ ᠪᠠᠷ᠎ᠠ ᠪᠣᠯᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号