ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠶᠣᠰᠣ ᠲᠦᠷᠢᠮ ᠢ ᠲᠣᠭᠲᠠᠭᠠᠵᠤ ᠠᠴᠢᠶ᠎ᠠ ᠪᠠᠨ ᠳᠡᠭᠰᠢᠯᠠᠨ ᠠᠶᠠᠨ ᠳᠠᠭᠠᠨ ᠳᠠᠬᠢᠨ ᠮᠤᠷᠳᠠᠶ᠎ᠠ ᠊᠊᠊᠊᠊᠊᠊᠊᠊ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/2
           ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠥ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ        12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠩᠬᠠᠳᠤᠭᠠᠷ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠵᠦ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃          ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠳᠤᠷᠢᠳᠬᠤ ᠬᠠᠮᠲᠤ ᠶᠢᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠪᠠᠶᠢᠩᠭᠤ ᠶᠢᠨ ᠬᠤᠷᠢᠶ᠎ᠠ ᠶᠢᠨ ᠨᠥᠬᠦᠳ ᠨᠢᠭᠡ ᠪᠦᠷᠢ ᠲᠤᠰ ᠪᠡᠶ᠎ᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠴᠢᠬᠤᠯᠠ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠰᠠᠶᠢᠲᠤᠷ ᠠᠳᠬᠤᠵᠤ᠂ ᠤᠬᠠᠮᠰᠠᠷ ᠠᠴᠠ ᠪᠠᠨ ᠡᠭᠦᠨ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠰᠤᠷᠤᠯᠴᠠᠨ ᠦᠢᠯᠠᠭᠠᠵᠥ ᠨᠡᠪᠳᠡᠷᠡᠳᠡᠯ᠎ᠡ ᠡᠵᠡᠮᠰᠢᠵᠥ ᠪᠤᠳᠠᠳᠠᠶᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠬᠦᠰᠡᠯ ᠨᠠᠶᠢᠳᠠᠯᠭ᠎ᠠ ᠶᠢ ᠬᠦᠨᠵᠡᠭᠡᠢ ᠤᠶᠢᠯᠠᠭᠠᠵᠤ᠂ ᠦᠨᠡᠨ ᠰᠡᠳᠭᠢᠯ ᠠᠴᠠ ᠪᠠᠨ ᠣᠶᠢᠯᠠᠭᠠᠵᠤ᠂ ᠥᠪᠥᠷ ᠮᠣᠩᠭᠤᠯ ᠤᠨ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠷᠡᠰ ᠡᠭᠦᠷᠭᠡᠯᠡᠬᠦ ᠶᠢ ᠭᠦᠨᠵᠡᠭᠡᠶ ᠲᠠᠨᠢᠵᠤ᠂ ᠪᠠᠲᠤ ᠴᠡᠭᠡᠵᠢᠯᠡᠵᠤ᠂ ᠤᠬᠠᠮᠰᠠᠷ ᠠᠴᠠ ᠪᠠᠨ ᠥᠪᠥᠷ ᠮᠣᠩᠭᠤᠯ ᠤᠨ ᠡᠯ᠎ᠡ ᠵᠦᠶ᠋ᠯ ᠤᠨ ᠠᠵᠢᠯ ᠢ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠲᠠᠯᠪᠢᠵᠤ ᠬᠢᠨᠠᠨ ᠰᠢᠨᠵᠢᠵᠦ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠤᠬᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠳᠤᠳᠠᠢ ᠰᠠᠶᠢᠳᠤᠷ ᠵᠠᠮᠨᠠᠵᠤ᠂ ︽ᠬᠤᠶᠠᠷ ᠬᠠᠯᠬᠠᠪᠴᠢ︾ ᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠠᠶᠢᠭᠤᠯᠬᠤ ᠭᠡᠷᠡᠭᠳᠠᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠢᠮᠠᠭᠲᠠ ᠠᠶᠠᠯᠠᠯ ᠤᠨ ᠵᠦᠭᠯᠡᠬᠦᠷ ᠪᠣᠯᠭᠠᠵᠤ᠂ ᠨᠡᠩ ᠡᠷᠡᠰ ᠪᠠᠲᠤ ᠨᠢᠭᠡᠳᠦᠯᠲᠡᠢ ᠪᠠᠶᠢᠵᠤ᠂ ᠣᠨᠣᠪᠴᠢᠲᠠᠢ ᠪᠠᠷᠢᠮᠵᠢᠶᠠᠯᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠤᠯᠤᠰ ᠲᠦᠷᠦ ᠶᠢᠨ ᠠᠴᠢ ᠬᠤᠯᠪᠣᠭᠳᠠᠯ᠂ ᠦᠵᠡᠯ ᠰᠠᠨᠠᠭᠠᠨ ᠤ ᠤᠬᠢ ᠰᠣᠳᠣ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠠᠶᠠᠯᠠᠯ ᠬᠡᠯᠪᠠᠶᠢᠬᠦ ᠦᠭᠡᠢ᠂ ᠶᠠᠩᠵᠤ ᠥᠭᠡᠷᠡᠲᠦᠬᠦ ᠦᠭᠡᠢ᠂ ᠴᠠᠯᠠᠭᠠᠶᠢᠷᠠᠬᠤ ᠦᠭᠡᠢ ᠪᠠᠶᠢᠬᠤ ᠶᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠣᠯᠤᠨ ᠬᠦᠰᠡᠯ ᠨᠠᠶᠢᠳᠠᠯᠭ᠎ᠠ ᠶᠢ ᠦᠨᠡᠨ ᠬᠦ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠡᠷᠡᠰ ᠬᠦᠴᠦᠲᠡᠶ ᠪᠠᠶᠢᠵᠤ᠂ ᠨᠢᠭᠡ ᠠᠴᠠ ᠵᠦᠶ᠋ᠴᠢᠯᠡᠨ ᠨᠥᠭᠦᠭᠡ ᠶᠢ ᠮᠡᠳᠡᠵᠦ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠢᠶᠠᠨ ᠰᠠᠶᠢᠵᠢᠷᠠᠭᠤᠯᠤᠨ᠂ ᠤᠯᠤᠰ ᠲᠥᠷᠥ ᠶᠢ ᠡᠷᠬᠢᠮᠯᠡᠬᠦ ᠱᠠᠭᠠᠷᠳᠠᠯᠭ᠎ᠠ ᠶᠢ ᠪᠣᠳᠠᠲᠠᠶ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠶ᠋ᠯᠡᠳᠦᠯᠭᠡᠵᠢᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃        ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠵᠦ᠂ ᠨᠠᠮ ᠤᠨ ᠭᠤᠤᠯᠯᠠᠭᠴᠢ ᠪᠣᠯᠤᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠬᠤ᠂ ᠤᠯᠤᠰ ᠲᠥᠷᠥ ᠶᠢᠨ ᠢᠲᠡᠭᠡᠯ ᠪᠢᠰᠢᠷᠡᠯ ᠢᠶᠠᠨ ᠪᠠᠲᠤᠳᠬᠠᠬᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠬᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠬᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ᠂ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠨ ᠬᠥᠮᠦᠨ ᠰᠣᠩᠭᠤᠨ ᠬᠡᠷᠡᠭᠯᠡᠬᠦ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠬᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ᠂ ᠠᠷᠢᠭᠤᠨ ᠴᠢᠬᠡᠴᠢ ᠤᠯᠤᠰ ᠲᠥᠷᠥ ᠶᠢᠨ ᠮᠥᠨ ᠴᠢᠨᠠᠷ ᠢ ᠡᠭᠦᠷᠢᠳᠡ ᠪᠠᠲᠤᠯᠠᠬᠤ ᠵᠡᠷᠭᠡ ᠠᠷᠪᠠᠨ ᠲᠠᠯ᠎ᠠ ᠠᠴᠠ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠣᠭᠲᠠᠭᠠᠯ ᠭᠠᠷᠭᠠᠵᠤ᠂ ᠶᠣᠰᠣ ᠲᠦᠷᠢᠮ ᠢ ᠲᠣᠳᠣᠷᠬᠠᠶ ᠲᠣᠭᠲᠠᠭᠠᠪᠠ᠃        ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ ᠦᠨᠡᠨ ᠬᠦ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠃ ᠪᠠᠶᠢᠩᠭᠤ ᠶᠢᠨ ᠬᠤᠷᠢᠶ᠎ᠠ ᠶᠢᠨ ᠨᠥᠬᠦᠳ ᠨᠢᠭᠡ ᠪᠦᠷᠢ ᠴᠥᠮ ᠥᠪᠡᠷ ᠤᠨ ᠨᠢᠭᠡᠳᠦᠭᠡᠷ ᠭᠠᠷᠤᠯ ᠪᠣᠯ ᠡᠪ ᠬᠠᠮᠲᠤ ᠨᠠᠮ ᠤᠨ ᠭᠡᠰᠢᠭᠦᠨ᠂ ᠨᠢᠭᠡᠳᠦᠭᠡᠷ ᠲᠤᠰᠢᠶᠠᠯ ᠬᠠᠷᠢᠭᠤᠴᠠᠯᠭ᠎ᠠ ᠪᠣᠯ ᠨᠠᠮ ᠤᠨ ᠲᠥᠯᠥᠭᠡ ᠠᠵᠢᠯᠯᠠᠬᠤ ᠪᠤᠯᠤᠨ᠎ᠠ ᠬᠡᠲᠡᠭ ᠢᠶᠠᠨ ᠪᠠᠲᠤ ᠴᠡᠬᠡᠵᠢᠯᠡᠵᠥ᠂ ᠲᠣᠭᠲᠠᠭᠠᠯ ᠳᠤ ᠳᠤᠷᠠᠳᠤᠭᠰᠠᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠦᠯᠬᠦᠮᠳᠡᠨ ᠨᠢᠭᠡᠳᠴᠦ᠂ ᠬᠠᠮᠲᠤ ᠪᠠᠷ ᠴᠢᠷᠮᠠᠶᠢᠵᠤ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠮᠠᠨ ᠤ ᠣᠷᠣᠨ ᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠭᠤᠷᠠᠶ ᠵᠠᠮ ᠤᠨ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ ᠵᠢᠯᠣᠭᠤᠳᠬᠤ ᠰᠠᠨᠠᠯ︾ ᠢ ᠰᠤᠳᠤᠯᠤᠨ ᠬᠢᠨᠠᠨ ᠵᠥᠪᠯᠡᠪᠡ᠃        ᠬᠤᠷᠠᠯ ᠠᠴᠠ᠂ ᠡᠷᠡᠰ ᠬᠦᠴᠦᠲᠡᠢ ᠠᠷᠭ᠎ᠠ ᠬᠡᠮᠵᠢᠶ᠎ᠡ ᠠᠪᠴᠤ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠡᠵᠡᠮᠳᠡᠵᠦ᠂ ᠮᠠᠨᠵᠤᠤᠷ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠴᠠᠭ ᠮᠥᠴᠡ ᠲᠠᠢ ᠤᠷᠤᠯᠳᠤᠨ ᠪᠥᠭᠡᠮ ᠬᠦᠴᠢᠯ ᠤᠨ ᠪᠠᠶᠢᠴᠠᠭᠠᠯᠲᠠ ᠰᠢᠭᠰᠢᠨ ᠪᠠᠶᠢᠴᠠᠭᠠᠯᠲᠠ ᠪᠣᠯᠤᠨ ᠲᠠᠬᠤᠯ ᠡᠪᠡᠳᠴᠢᠨ ᠢ ᠪᠠᠶᠢᠴᠠᠭᠠᠵᠤ ᠡᠬᠢ ᠰᠤᠷᠪᠤᠯᠵᠢ ᠶᠢ ᠮᠦᠷᠳᠡᠬᠦ ᠠᠵᠢᠯᠯᠠᠭ᠎ᠠ ᠦᠷᠨᠢᠭᠦᠯᠵᠦ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠢᠵᠢᠭ ᠤᠨ ᠪᠠᠶᠢᠳᠠᠯ ᠢ ᠰᠢᠭᠰᠢᠨ ᠪᠠᠶᠢᠴᠠᠭᠠᠨ ᠡᠵᠡᠮᠳᠡᠵᠦ᠂ ᠬᠢᠵᠢᠭ ᠤᠨ ᠪᠠᠶᠢᠳᠠᠯ ᠤᠨ ᠭᠠᠳᠠᠭᠰᠢ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ᠃ ᠬᠥᠯᠥᠨ ᠪᠤᠶᠢᠷ ᠬᠤᠳᠠ ᠶᠢᠨ ᠬᠢᠨ ᠪᠦᠬᠦ ᠬᠤᠳᠠ ᠶᠢᠨ ᠡᠬᠢ ᠪᠠᠶᠠᠯᠢᠭ ᠪᠣᠯᠤᠨ ᠬᠦᠴᠦᠨ ᠢ ᠲᠥᠪᠯᠡᠷᠡᠭᠦᠯᠦᠨ ᠮᠠᠨᠵᠤᠤᠷ ᠬᠤᠳᠠ ᠶᠢ ᠲᠤᠰᠠᠯᠠᠵᠤ᠂ ᠡᠯ᠎ᠡ ᠠᠶᠢᠮᠠᠭ ᠬᠤᠳᠠ ᠶᠢᠨ ᠬᠢᠨ ᠤᠢᠢᠷ᠎ᠠ ᠶᠢᠨ ᠬᠤᠭᠤᠴᠠᠭᠠᠨ ᠳᠤ ᠮᠠᠨᠵᠤᠤᠷ ᠬᠤᠳᠠ ᠳᠤ ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠬᠥᠮᠦᠰ ᠢ ᠱᠠᠯᠠᠪᠳᠠᠭᠤᠯᠤᠨ ᠪᠠᠶᠢᠴᠠᠭᠠᠵᠤ᠂ ᠲᠤᠰᠠᠭᠠᠷᠯᠠᠬᠤ ᠶᠣᠰᠣᠲᠠᠢ ᠶᠢ ᠨᠢ ᠲᠤᠰᠠᠭᠠᠷᠯᠠᠵᠤ᠂ ᠬᠠᠮᠢᠶᠠᠷᠤᠨ ᠡᠵᠡᠮᠳᠡᠬᠦ ᠶᠣᠰᠣᠲᠠᠢ ᠶᠢ ᠨᠢ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ ᠡᠪᠡᠳᠴᠢᠲᠡᠨ ᠢ ᠪᠦᠬᠦ ᠬᠦᠴᠦᠨ ᠢᠶᠠᠷ ᠠᠪᠤᠷᠠᠨ ᠡᠮᠨᠡᠵᠦ᠂ ᠡᠪᠡᠳᠴᠢᠨ ᠤ ᠪᠠᠶᠢᠲᠠᠯ ᠨᠢ ᠬᠥᠡᠭᠬᠡᠨ ᠠᠴᠠ ᠪᠠᠨ ᠬᠥᠨᠲᠥᠷᠡᠬᠦ ᠶᠢ ᠡᠷᠡᠰ ᠰᠡᠷᠭᠡᠶᠢᠯᠡᠵᠦ᠂ ᠡᠮᠨᠡᠯᠭᠡ ᠶᠢᠨ ᠬᠤᠷᠢᠶ᠎ᠠ ᠶᠢᠨ ᠬᠠᠯᠳᠠᠪᠦᠷᠢᠯᠠᠯ ᠤᠨ ᠠᠰᠠᠭᠤᠳᠠᠯ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠶᠢᠲᠤᠷ ᠠᠳᠬᠤᠵᠤ᠂ ᠬᠢᠯᠢ ᠶᠢᠨ ᠪᠣᠭᠤᠮᠲᠠ ᠳᠤ ᠬᠤᠯᠪᠣᠭᠳᠠᠬᠤ ᠡᠯ᠎ᠡ ᠠᠶᠢᠮᠠᠭ ᠬᠤᠳᠠ ᠶᠢᠨ ᠬᠢᠨ ᠪᠦᠷ ᠰᠢᠭᠰᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠨᠦᠬᠦᠬᠦ ᠶᠣᠰᠣᠲᠠᠢ ᠳᠤᠲᠠᠭᠳᠠᠯ ᠢ ᠲᠦᠷᠭᠡᠨ ᠨᠥᠬᠦᠪᠥᠷᠢᠯᠡᠵᠦ᠂ ᠲᠡᠰ ᠳᠡᠪᠰᠢᠭᠦᠯᠬᠦ ᠶᠣᠰᠣᠲᠠᠢ ᠠᠷᠭ᠎ᠠ ᠪᠠᠷᠢᠯ ᠢ ᠲᠦᠷᠭᠡᠨ ᠲᠡᠰ ᠳᠡᠪᠰᠢᠭᠦᠯᠵᠦ᠂ ᠲᠡᠭᠦᠯᠳᠡᠷᠵᠢᠭᠦᠯᠬᠦ ᠶᠣᠰᠣᠲᠠᠢ ᠠᠷᠭ᠎ᠠ ᠬᠡᠮᠵᠢᠶ᠎ᠠ ᠶᠢ ᠦᠨᠡᠨ ᠬᠦ ᠲᠡᠭᠦᠯᠳᠡᠷᠵᠢᠭᠦᠯᠵᠦ᠂ ᠬᠥᠮᠦᠨ ᠬᠢᠭᠡᠳ ᠬᠥᠮᠦᠠ᠂ ᠬᠥᠮᠦᠨ ᠬᠢᠭᠡᠳ ᠪᠤᠲᠠᠰ᠂ ᠬᠥᠮᠦᠨ ᠬᠢᠭᠡᠳ ᠣᠷᠴᠢᠨ ᠲᠣᠭᠤᠷᠢᠨ ᠤ ᠬᠦᠷᠦᠯᠴᠡᠬᠦ ᠰᠡᠷᠭᠡᠶᠢᠯᠡᠨ ᠡᠵᠡᠮᠳᠡᠬᠦ ᠠᠵᠢᠯ ᠢ ᠵᠠᠪᠠᠯ ᠴᠢᠩᠭ᠎ᠠ ᠠᠴᠠ ᠴᠢᠩᠭ᠎ᠠ᠂ ᠨᠢᠮᠪᠠᠢ ᠠᠴᠠ ᠨᠢᠮᠪᠠᠢ ᠬᠢᠬᠦ ᠬᠡᠷᠡᠭᠲᠡᠢ᠃ ᠪᠢᠳᠡᠭᠦᠮᠵᠢᠯᠡᠯ ᠠᠴᠠ ᠭᠠᠳᠠᠨᠠᠬᠢ ᠰᠡᠷᠭᠡᠶᠢᠯᠡᠯᠲᠡ ᠶᠢᠨ ᠱᠤᠭᠤᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠣᠭᠤᠮᠲᠠ ᠶᠢᠨ ᠬᠤᠯᠪᠣᠭᠳᠠᠯ ᠪᠦᠬᠦᠢ ᠬᠥᠮᠦᠰ ᠢ ᠬᠠᠮᠢᠶᠠᠷᠤᠨ ᠡᠵᠡᠮᠳᠡᠬᠦ ᠳᠡᠰ ᠢ ᠳᠡᠭᠡᠭᠰᠢᠯᠡᠭᠦᠯᠵᠦ᠂ ᠢᠯᠠᠩᠭᠤᠶ᠎ᠠ ᠬᠤᠯᠪᠣᠭᠳᠠᠯ ᠪᠦᠬᠦᠢ ᠠᠵᠤ ᠠᠬᠤᠶᠢᠯᠠᠯ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠠᠵᠢᠯᠳᠠᠳ ᠤᠨ ᠬᠠᠮᠢᠶᠠᠷᠤᠯᠲᠠ ᠶᠢ ᠴᠢᠩᠭᠠᠳᠬᠠᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠲᠤᠭ᠎ᠠ ᠶᠢ ᠨᠡᠮᠡᠭᠳᠡᠭᠦᠯᠵᠦ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠡᠯ᠎ᠡ ᠱᠠᠳᠤ ᠡᠯ᠎ᠡ ᠲᠠᠯ᠎ᠠ ᠶᠢᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠲᠠᠬᠢᠨ ᠴᠢᠩᠭ᠎ᠠ ᠪᠣᠳᠠᠲᠠᠶᠢᠵᠢᠭᠤᠯᠵᠤ᠂ ᠬᠥᠯᠥᠨ ᠪᠤᠶᠢᠷ ᠬᠤᠳᠠ᠂ ᠮᠠᠨᠵᠤᠤᠷ ᠬᠤᠳᠠ ᠪᠣᠯᠤᠨ ᠲᠦᠩᠯᠢᠶᠣᠤ ᠬᠤᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠭᠤᠣᠯ ᠤᠳᠤᠷᠢᠳᠬᠤ ᠨᠥᠬᠦᠳ ᠡᠮᠦᠨ᠎ᠡ ᠹᠷᠣᠨᠲ ᠲᠤ ᠬᠦᠷᠴᠤ᠂ ᠡᠮᠦᠨ᠎ᠠ ᠹᠷᠤᠨᠲ ᠲᠤ ᠵᠢᠯᠣᠭᠤᠳᠴᠤ᠂ ᠡᠷᠡᠰ ᠰᠢᠭᠤᠷᠬᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠠᠵᠢᠯ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠰᠦᠨᠦᠭᠡᠯᠳᠡ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠪᠠᠶᠢᠷᠢᠯᠠᠭᠤᠯᠵᠤ᠂ ᠵᠢᠭᠰᠠᠭᠠᠯ ᠢᠶᠠᠨ ᠴᠢᠩᠭ᠎ᠠ ᠰᠡᠷᠭᠡᠶᠢᠯᠡᠨ ᠰᠠᠬᠢᠵᠤ᠂ ᠠᠵᠢᠯ ᠪᠤᠯᠭᠠᠨ ᠤ ᠬᠠᠷᠢᠭᠤᠴᠠᠯᠭ᠎ᠠ ᠶᠢ ᠪᠤᠳᠠᠳᠠᠢ ᠬᠥᠮᠦᠨ ᠳᠤ ᠨᠠᠶᠢᠳᠠᠪᠤᠷᠢᠵᠢᠭᠤᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠴᠥᠮ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠢᠭᠲᠠ ᠬᠠᠮᠵᠢᠯᠴᠠᠨ᠂ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠴᠦ ᠲᠡᠷᠡ᠂ ᠰᠢᠰᠲ᠋ᠧᠮ ᠢᠶᠠᠷ ᠢᠶᠠᠨ ᠬᠠᠮᠢᠶᠠᠷᠬᠤ ᠪᠠᠶᠢᠭᠤᠯᠭ᠎ᠠ ᠴᠦ ᠲᠡᠷᠡ ᠴᠥᠮ ᠲᠤᠰ ᠲᠤᠰ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡᠳᠦᠯᠲᠡᠶ ᠵᠢᠯᠣᠭᠤᠳᠤᠯᠭ᠎ᠠ ᠳᠣᠣᠷ᠎ᠠ ᠠᠯᠬᠤᠮ ᠨᠢᠭᠡᠲᠡᠶ ᠪᠠᠷ ᠠᠵᠢᠯ ᠢᠶᠠᠨ ᠥᠷᠨᠢᠭᠦᠯᠵᠦ᠂ ᠲᠠᠯ᠎ᠠ ᠲᠠᠯ᠎ᠠ ᠠᠴᠠ ᠵᠠᠰᠠᠭ ᠶᠠᠪᠤᠭᠤᠯᠬᠤ ᠪᠤᠶᠤ ᠥᠪᠡᠷ ᠥᠪᠡᠷ ᠤᠨ ᠬᠢ ᠪᠠᠷ ᠢᠶᠠᠨ ᠬᠢᠵᠦ ᠣᠭᠲᠣ ᠪᠣᠯᠬᠤ ᠦᠭᠡᠶ᠃ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠦᠵᠡᠬᠦ ᠶᠢ ᠴᠢᠩᠭᠠᠳᠬᠠᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠂ ᠬᠠᠮᠢᠶᠠᠷᠤᠨ ᠡᠵᠡᠮᠳᠡᠭᠰᠡᠨ ᠢᠶᠠᠷ ᠬᠦᠷᠦᠯᠴᠡᠭᠰᠡᠡ ᠥᠬᠡᠶ ᠠᠴᠠ ᠪᠣᠯᠵᠣ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠭᠰᠡᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠶ ᠬᠡᠵᠤ ᠴᠢᠬᠤᠯᠠᠴᠢᠯᠠᠪᠠ᠃        ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠠ ᠵᠦᠪᠯᠡᠵᠦ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠰᠡᠳᠦᠪ ᠭᠤᠣᠯ ᠰᠢᠵᠢᠮ᠂ ᠲᠤᠳᠤᠷᠬᠠᠶᠢᠯᠠᠭᠰᠠᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠳᠤᠷᠠᠳᠤᠭᠰᠠᠨ ᠬᠠᠷᠠᠯᠲᠠ ᠡᠭᠦᠷᠭᠡ ᠶᠢ ᠭᠦᠨᠵᠡᠭᠡᠢ ᠤᠢᠢᠯᠠᠭᠠᠭᠤᠯᠤᠨ ᠣᠨᠣᠪᠴᠢᠲᠠᠢ ᠡᠵᠡᠮᠰᠢᠭᠦᠯᠵᠦ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠭᠡᠵᠦ ᠂ ᠲᠡᠮᠡᠴᠡᠯ ᠤᠨ ᠵᠣᠷᠢᠭ ᠢᠶᠠᠨ ᠴᠢᠩᠭᠠᠳᠬᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠯ᠎ᠡ ᠲᠠᠯ᠎ᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号