ᠰᠢ ᠶᠢᠨ ᠫᠢᠩ ᠤᠷᠤᠰ ᠤᠨ ᠨᠢᠭᠡᠳᠦᠭᠰᠡᠨ ᠤᠷᠤᠰ ᠨᠠᠮ ᠪᠠᠶᠢᠭᠤᠯᠤᠭᠳᠠᠭᠰᠠᠨ 20 ᠵᠢᠯ ᠤᠨ ᠤᠢ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/12/2
           ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 1 ᠤ ᠴᠠᠬᠢᠯᠭᠠᠨ ᠮᠡᠳᠡᠭᠡ 12 ᠰᠠᠷ᠎ᠠ ᠶᠢᠨ 1 ᠤ ᠡᠳᠦᠷ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠨᠢᠭᠡᠳᠦᠭᠰᠡᠨ ᠤᠷᠤᠰ ᠨᠠᠮ ᠪᠠᠶᠢᠭᠤᠯᠤᠭᠳᠠᠭᠰᠠᠨ 20 ᠵᠢᠯ ᠤᠨ ᠤᠢ ᠳᠤ ᠪᠠᠶᠠᠷ ᠤᠨ ᠵᠠᠬᠢᠳᠠᠯ ᠢᠯᠡᠭᠡᠪᠡ᠃        ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠨᠢᠭᠡᠳᠦᠭᠰᠡᠨ ᠤᠷᠤᠰ ᠨᠠᠮ ᠪᠠᠶᠢᠭᠤᠯᠤᠭᠳᠠᠭᠰᠠᠨ 20 ᠵᠢᠯ ᠤᠨ ᠤᠢ ᠳᠤ ᠴᠢᠩ ᠰᠡᠳᠭᠢᠯ ᠠᠴᠠ ᠪᠠᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ ᠲᠡᠷᠡ᠂ ᠨᠢᠭᠡᠳᠦᠭᠰᠡᠨ ᠤᠷᠤᠰ ᠨᠠᠮ ᠤᠷᠤᠰ ᠤᠨ ᠴᠢᠬᠤᠯᠠ ᠤᠯᠤᠰ ᠲᠦᠷᠦ ᠶᠢᠨ ᠬᠦᠴᠦᠨ ᠪᠣᠯᠤᠭᠰᠠᠨ ᠤ ᠬᠤᠪᠢ ᠳᠤ᠂ ᠤᠷᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ ᠪᠠᠷ ᠢᠳᠡᠪᠬᠢᠲᠡᠢ ᠴᠢᠷᠮᠠᠶᠢᠵᠤ᠂ ᠶᠡᠷᠦᠩᠬᠡᠶᠢᠯᠡᠭᠴᠢ ᠫᠦᠲ᠋ᠢᠨ ᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢᠨ ᠲᠣᠭᠲᠠᠭᠤᠨ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠶᠢ ᠠᠬᠢᠭᠤᠯᠵᠤ᠂ ᠤᠷᠤᠰ ᠤᠨ ᠨᠡᠶᠢᠭᠡᠮ ᠤᠨ ᠥᠷᠭᠡᠨ ᠳᠡᠯᠭᠡᠷ ᠳᠡᠮᠵᠢᠯᠭᠡ ᠶᠢ ᠤᠯᠵᠠᠢ ᠭᠡᠵᠤ ᠬᠡᠯᠡᠪᠡ᠃        ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠨᠢᠭᠡᠳᠦᠭᠰᠡᠨ ᠤᠷᠤᠰ ᠨᠠᠮ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠤᠨ᠎ᠠ᠃ 20 ᠵᠢᠯ ᠤᠨ ᠲᠤᠷᠰᠢ᠂ ᠬᠤᠶᠠᠷ ᠨᠠᠮ ᠤᠨ ᠬᠠᠷᠢᠯᠴᠠᠭ᠎ᠠ ᠲᠠᠰᠤᠷᠠᠯᠲᠠ ᠦᠭᠡᠢ ᠤᠷᠤᠭᠰᠢ ᠬᠥᠭᠵᠢᠵᠦ᠂ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠷᠤᠰ ᠤᠨ ᠤᠯᠤᠰ ᠲᠦᠷᠦ ᠪᠠ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠶᠢ ᠪᠠᠬᠢᠵᠢᠭᠦᠯᠵᠦ᠂ ᠬᠤᠶᠠᠷ ᠤᠯᠤᠰ ᠤᠨ ᠪᠦᠬᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠤ ᠤᠨᠴᠠᠭᠠᠢ ᠦᠢᠯᠡᠳᠦᠯ ᠦᠵᠡᠭᠦᠯᠵᠠᠢ ᠭᠡᠵᠤ ᠵᠢᠭᠠᠵᠤ ᠭᠠᠷᠭᠠᠪᠠ᠃        ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠳᠦᠭᠰᠡᠨ ᠤᠷᠤᠰ ᠨᠠᠮ ᠯᠤᠭ᠎ᠠ ᠶᠢᠨ ᠨᠥᠬᠦᠷᠯᠡᠯ ᠢ ᠨᠠᠨᠳᠢᠩᠨᠠᠵᠤ᠂ ᠬᠤᠶᠠᠷ ᠨᠠᠮ ᠲᠣᠭᠲᠠᠴᠠ ᠶᠢᠨ ᠴᠢᠨᠠᠷᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠶᠢᠨ ᠨᠡᠩ ᠥᠨᠳᠥᠷ ᠲᠦᠪᠰᠢᠨ ᠳᠤ ᠭᠠᠷᠬᠤ ᠶᠢ ᠠᠬᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号