ᠲᠦᠭ ᠲᠦᠮᠡᠨ ᠠᠶᠢᠯ ᠡᠷᠦᠬᠡ ᠳᠤ ᠬᠤᠯᠪᠣᠭᠳᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠳᠤ ᠵᠠᠰᠠᠪᠤᠷᠢ ᠣᠷᠣᠭᠤᠯᠪᠠ
ᠨᠡᠶᠢᠲᠡᠯᠡᠭᠰᠡᠨ ᠴᠠᠭ᠄
2021/12/20
           12 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠳᠤ ᠲᠠᠶᠢᠯᠤᠮᠵᠢ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃        ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠥᠮᠴᠢᠲᠡᠨ ᠪᠠ ᠠᠳᠠᠯ ᠠᠬᠤᠶ ᠶᠢᠨ ᠦᠢᠯᠡᠴᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 2021 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠪᠠᠲᠤᠯᠠᠨ ᠨᠡᠶᠢᠲᠡᠯᠡᠪᠡ᠃ ︽ᠳᠦᠷᠢᠮ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ︽ᠲᠦᠷᠢᠮ︾ ᠨᠢ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶᠡᠨ ᠤ ᠬᠤᠪᠢᠶᠠᠷᠢᠯᠠᠯ᠂ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠪᠠᠶᠢᠭᠤᠯᠬᠤ᠂ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠬᠠᠮᠢᠶᠠᠷᠤᠯᠲᠠ᠂ ᠬᠡᠷ ᠪᠠᠶᠢᠰᠢᠩ ᠤᠨ ᠵᠠᠰᠠᠯ ᠴᠢᠮᠡᠭᠯᠡᠯ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶᠡᠨ ᠤ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢᠨ ᠬᠠᠮᠠᠭᠠᠯᠠᠯᠲᠠ᠂ ᠬᠠᠮᠢᠶ᠎ᠠ ᠪᠥᠬᠦᠶ ᠬᠠᠤᠯᠢ ᠶᠢᠨ ᠬᠠᠷᠢᠭᠤᠴᠠᠯᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠭᠤᠯᠭ᠎ᠠ ᠳᠤ ᠣᠯᠠᠨ ᠲᠠᠯ᠎ᠠ ᠠᠴᠠ ᠵᠠᠰᠠᠪᠤᠷᠢ ᠣᠷᠣᠭᠤᠯᠪᠠ᠃        ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶᠡᠨ ᠤ ᠬᠤᠪᠢᠶᠠᠷᠢᠯᠠᠯ ᠤᠨ ᠲᠤᠬᠠᠢ᠃ ︽ᠲᠦᠷᠢᠮ ︾ ᠳᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶᠡᠨ ᠤ ᠬᠤᠪᠢᠶᠠᠷᠢᠯᠠᠯ ᠨᠢ ᠠᠳᠠᠯ ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠠᠰᠢᠭᠲᠠᠶ ᠪᠠᠶᠢᠬᠤ ᠪᠠᠷ ᠵᠠᠷᠴᠢᠮ ᠪᠣᠯᠭᠠᠨ᠎ᠠ᠃ ᠰᠢᠨ᠎ᠡ ᠪᠠᠷ ᠪᠠᠶᠢᠭᠤᠯᠤᠭᠰᠠᠨ ᠠᠳᠠᠯ ᠠᠬᠤᠶ ᠶᠢᠨ ᠣᠷᠣᠨ ᠬᠡᠨᠴᠢᠶ᠎ᠡ ᠶᠢ ᠬᠤᠪᠢᠶᠠᠷᠢᠯᠠᠬᠤ ᠭᠤᠤᠯ ᠴᠣᠭᠴᠠ ᠨᠢ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠣᠯᠤᠨ᠎ᠠ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠬᠤᠪᠢᠶᠠᠷᠢᠯᠠᠬᠤ ᠵᠠᠷᠴᠢᠮ ᠤᠨ ᠰᠠᠭᠤᠷᠢᠨ ᠳᠡᠭᠡᠷ᠎ᠡ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠪᠤᠶᠤ ᠲᠠᠸᠠᠷ ᠤᠨ ᠬᠡᠷ ᠪᠠᠶᠢᠰᠢᠩ ᠤᠨ ᠪᠡᠯᠡᠨ ᠬᠡᠷ ᠪᠠᠶᠢᠰᠢᠩ ᠢ ᠪᠣᠷᠣᠯᠠᠭᠤᠯᠬᠤ ᠠᠴᠠ ᠡᠮᠦᠨ᠎ᠡ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠭᠰᠠᠨ ᠮᠠᠲ᠋ᠧᠷᠢᠶᠠᠯ ᠢᠶᠠᠨ ᠠᠳᠠᠯ ᠠᠬᠤᠶ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃ ᠨᠢᠭᠡᠨᠲᠡ ᠠᠰᠢᠭᠯᠠᠯᠲᠠ ᠳᠤ ᠣᠷᠣᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶ᠎ᠡ ᠶᠢ ᠬᠤᠪᠢᠶᠠᠷᠢᠯᠠᠬᠤ ᠪᠠ ᠳᠣᠭᠢᠷᠠᠭᠤᠯᠬᠤ ᠳᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶ᠎ᠡ ᠶᠢ ᠬᠤᠪᠢᠶᠠᠷᠢᠯᠠᠬᠤ ᠭᠤᠤᠯ ᠴᠣᠭᠴᠠ ᠨᠢ ᠬᠤᠰᠢᠭᠤ ᠰᠢᠶᠠᠨ ᠤ ᠱᠠᠲᠤᠨ ᠤ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠵᠤ᠂ ᠠᠳᠠᠯᠢᠬᠠᠨ ᠢᠶᠠᠷ ᠬᠤᠪᠢᠶᠠᠷᠢᠯᠠᠬᠤ ᠵᠠᠷᠴᠢᠮ ᠤᠨ ᠰᠠᠭᠤᠷᠢᠨ ᠳᠡᠭᠡᠷ᠎ᠡ᠂ ᠥᠮᠴᠢᠲᠡᠨ ᠤ ᠰᠠᠨᠠᠯ ᠢ ᠬᠤᠷᠢᠶᠠᠭᠰᠠᠨ ᠤ ᠳᠠᠷᠠᠭ᠎ᠠ ᠬᠤᠪᠢᠶᠠᠷᠢᠯᠠᠬᠤ ᠪᠤᠶᠤ ᠳᠣᠭᠢᠷᠠᠭᠤᠯᠤᠨ᠎ᠠ᠃        ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠤᠨ ᠲᠤᠬᠠᠶ᠃ ︽ᠲᠦᠷᠢᠮ︾ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠢ ᠵᠣᠬᠢᠶᠠᠨ ᠪᠠᠶᠢᠭᠤᠯᠬᠤ ᠬᠠᠮᠢᠶ᠎ᠠ ᠪᠥᠬᠦᠶ ᠲᠣᠭᠲᠠᠭᠠᠯ ᠢ ᠨᠡᠮᠡᠵᠦ᠂ ᠡᠭᠦᠨ ᠳᠤ ᠭᠤᠤᠯᠳᠠᠭᠤ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠢ ᠵᠣᠬᠢᠶᠠᠨ ᠪᠠᠶᠢᠭᠤᠯᠤᠭᠰᠠᠨ ᠪᠠᠶᠢᠳᠠᠯ ᠵᠢᠴᠢ ᠡᠭᠦᠷᠭᠡ ᠬᠠᠷᠢᠭᠤᠴᠠᠯᠭ᠎ᠠ᠂ ᠠᠵᠢᠯᠲᠠᠨ ᠤ ᠪᠦᠷᠢᠯᠳᠦᠯ ᠪᠠ ᠲᠤᠰᠢᠶᠠᠯ ᠡᠭᠦᠷᠭᠡᠯᠡᠬᠦ ᠬᠢᠷᠢ ᠬᠡᠮ ᠵᠢᠴᠢ ᠠᠵᠢᠯ ᠤᠨ ᠬᠤᠭᠤᠴᠠᠭ᠎ᠠ ᠬᠢᠵᠠᠭᠠᠷ ᠪᠠ ᠲᠠᠷᠬᠠᠭᠠᠬᠤ ᠵᠡᠷᠭᠡ ᠶᠢ ᠪᠠᠭᠲᠠᠭᠠᠨ᠎ᠠ᠃        ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠤᠬᠠᠶ᠃ ︽ᠲᠦᠷᠢᠮ︾ ᠳᠤ᠂ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢᠨ ᠬᠤᠭᠤᠴᠠᠭ᠎ᠠ ᠶᠢ ᠠᠳᠠᠯ ᠠᠬᠤᠶ ᠶᠢᠨ ᠲᠥᠷᠥᠯ ᠵᠦᠢᠯ ᠢ ᠲᠤᠰᠢᠶᠠᠨ ᠥᠭᠴᠦ ᠬᠡᠷᠡᠭᠯᠡᠭᠦᠯᠦᠭᠰᠡᠨ ᠡᠳᠦᠷ ᠠᠴᠠ ᠡᠬᠢᠯᠡᠨ ᠪᠤᠳᠤᠬᠤ ᠳᠤ ᠬᠠᠮᠤᠭ ᠤᠨ ᠣᠷᠳᠣ ᠳᠤ ᠪᠠᠨ ᠬᠤᠶᠠᠷ ᠵᠢᠯ ᠠᠴᠠ ᠬᠡᠲᠦᠷᠡᠭᠦᠯᠵᠦ ᠪᠣᠯᠬᠤ ᠥᠬᠡᠶ︔ ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ᠂ ᠠᠳᠠᠯ ᠠᠬᠤᠶ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠢ ᠬᠠᠷᠠᠬᠠᠨ ᠲᠤᠰᠢᠶᠠᠵᠤ ᠥᠭᠬᠦ ᠠᠴᠠ ᠡᠮᠦᠨ᠎ᠡ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠵᠠᠭᠤᠨ ᠺᠤᠸᠠᠲ ᠮᠧᠲᠷ ᠠᠴᠠ ᠳᠤᠲᠠᠭᠤ ᠥᠬᠡᠶ ᠲᠦᠷ ᠴᠠᠭ ᠤᠨ ᠠᠳᠠᠯ ᠠᠬᠤᠶ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠢ ᠬᠠᠩᠭᠠᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠳᠤ ᠪᠠᠨ᠂ ᠵᠥᠪᠰᠢᠶᠡᠷᠡᠯ ᠤᠨ ᠦᠨᠡᠮᠯᠡᠯ ᠵᠢᠴᠢ ᠳᠠᠭᠠᠯᠳᠤᠭᠤᠯᠤᠭᠰᠠᠨ ᠵᠢᠷᠤᠭ ᠳᠡᠭᠡᠷ᠎ᠡ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠭᠰᠠᠨ ᠠᠳᠠᠯ ᠠᠬᠤᠶ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠪᠠ ᠣᠷᠣᠨ ᠪᠠᠶᠢᠷᠢ ᠶᠢ ᠲᠣᠳᠣᠷᠬᠠᠶ ᠲᠡᠮᠳᠡᠭᠯᠡᠬᠦ ᠬᠡᠷᠡᠭᠲᠡᠶ︔ ᠠᠳᠠᠯ ᠠᠬᠤᠶ ᠶᠢᠨ ᠪᠠᠲᠤᠯᠠᠭᠠᠲᠤ ᠵᠠᠰᠠᠪᠤᠷᠢ ᠶᠢᠨ ᠬᠤᠭᠤᠴᠠᠭ᠎ᠠ ᠪᠠ ᠪᠠᠲᠤᠯᠠᠭᠠᠲᠤ ᠵᠠᠰᠠᠪᠤᠷᠢ ᠶᠢᠨ ᠬᠡᠪᠴᠢᠶᠡᠨ ᠳᠣᠲᠣᠷ᠎ᠠ ᠶᠠᠰᠤ ᠴᠢᠨᠠᠷ ᠤᠨ ᠠᠰᠠᠭᠤᠳᠠᠯ ᠭᠠᠷᠪᠠᠯ᠂ ᠠᠳᠠᠯ ᠠᠬᠤᠶ ᠶᠢᠨ ᠦᠢᠯᠡᠴᠢᠯᠡᠭᠴᠢ ᠠᠴᠠ ᠴᠠᠭ ᠲᠤᠬᠠᠶ ᠳᠤ ᠨᠢ ᠪᠦᠳᠦᠭᠡᠨ ᠪᠠᠶᠢᠭᠤᠯᠤᠯᠲᠠ ᠶᠢᠨ ᠨᠢᠭᠡᠴᠢ ᠳᠤ ᠮᠡᠳᠡᠭᠳᠡᠵᠦ᠂ ᠪᠦᠳᠦᠭᠡᠨ ᠪᠠᠶᠢᠭᠤᠯᠤᠯᠲᠠ ᠶᠢᠨ ᠨᠢᠭᠡᠴᠢ ᠶᠢ ᠱᠠᠯᠠᠪᠳᠠᠵᠤ ᠪᠠᠶᠢᠭᠠᠳ ᠵᠠᠰᠠᠯᠲᠠ ᠶᠢ ᠪᠠᠲᠤᠯᠠᠬᠤ ᠠᠵᠢᠯ ᠢ ᠴᠠᠭ ᠲᠤᠬᠠᠶ ᠳᠤ ᠨᠢ ᠪᠡᠶᠡᠯᠡᠭᠦᠯᠬᠦ ᠬᠡᠷᠡᠭᠲᠡᠶ ᠭᠡᠵᠦ ᠲᠣᠭᠲᠠᠭᠠᠪᠠ᠃        ᠭᠡᠷ ᠪᠠᠶᠢᠰᠢᠩ ᠤᠨ ᠵᠠᠰᠠᠯ ᠴᠢᠮᠡᠭᠯᠡᠯ ᠤᠨ ᠲᠤᠬᠠᠶ᠃ ︽ᠲᠦᠷᠢᠮ︾ ᠳᠤ ᠥᠮᠴᠢᠲᠡᠨ᠂ ᠠᠳᠠᠯ ᠠᠬᠤᠶ ᠶᠢᠨ ᠬᠡᠷᠡᠭᠯᠡᠭᠴᠢ ᠭᠡᠷ ᠪᠠᠶᠢᠰᠢᠩ ᠢᠶᠠᠨ ᠵᠠᠰᠠᠵᠤ ᠴᠢᠮᠡᠭᠯᠡᠬᠦ ᠳᠤ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠤᠶᠤ ᠲᠦᠷ ᠴᠠᠭ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠢᠷᠤᠮᠯᠠᠵᠤ᠂ ᠠᠳᠠᠯ ᠠᠬᠤᠶ ᠶᠢᠨ ᠦᠢᠯᠡᠴᠢᠯᠡᠭᠴᠢ ᠳᠤ ᠤᠷᠢᠳ ᠢᠶᠠᠷ ᠮᠡᠳᠡᠭᠳᠡᠵᠦ᠂ ᠠᠳᠠᠯ ᠠᠬᠤᠶ ᠶᠢᠨ ᠦᠢᠯᠡᠴᠢᠯᠡᠭᠴᠢ ᠶᠢᠨ ᠰᠠᠨᠠᠭᠤᠯᠤᠭᠰᠠᠨ ᠵᠦᠢ ᠵᠣᠬᠢᠰᠲᠠᠶ ᠠᠩᠬᠠᠷᠬᠤ ᠵᠦᠢᠯᠡᠰ ᠢ ᠵᠢᠷᠤᠮᠯᠠᠬᠤ ᠶᠢᠨ ᠬᠠᠮᠲᠤ ᠲᠡᠭᠦᠨ ᠲᠠᠢ ᠬᠠᠮᠵᠢᠯᠴᠠᠨ ᠴᠢᠬᠤᠯᠠ ᠪᠦᠬᠦᠢ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠬᠦ ᠬᠡᠷᠡᠭᠲᠡᠶ ᠭᠡᠵᠦ ᠲᠣᠭᠲᠠᠭᠠᠵᠠᠶ᠃ ᠠᠳᠠᠯ ᠠᠬᠤᠶ ᠶᠢᠨ ᠦᠢᠯᠡᠴᠢᠯᠡᠭᠴᠢ ᠲᠤᠬᠠᠶ ᠶᠢᠨ ᠲᠠᠯᠠᠪᠤᠷ ᠤᠨ ᠲᠣᠭᠤᠷᠢᠨ ᠪᠠᠶᠢᠴᠠᠭᠠᠯᠲᠠ ᠪᠠ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠳᠡᠭᠡᠷ᠎ᠡ ᠳᠤᠷᠠᠳᠤᠭᠰᠠᠨ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤ ᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠬᠤ ᠬᠡᠷᠡᠭᠲᠡᠶ︔ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ ᠴᠢᠳᠠᠬᠤ ᠦᠭᠡᠢ ᠪᠠᠶᠢᠪᠠᠯ᠂ ᠴᠠᠭ ᠲᠤᠬᠠᠶ ᠳᠤ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠦᠮᠴᠢᠳᠡᠳ ᠤᠨ ᠺᠣᠮᠢᠰ ᠲᠤ ᠮᠡᠳᠡᠭᠦᠯᠬᠦ ᠬᠡᠷᠡᠭᠲᠡᠶ᠃        ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠬᠡᠪᠴᠢᠶ᠎ᠡ ᠶᠢᠨ ᠲᠤᠰᠬᠠᠶ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠲᠤᠬᠠᠶ᠃ ︽ᠲᠦᠷᠢᠮ︾ ᠳᠤ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠠᠵᠢᠯ ᠢ ᠵᠣᠬᠢᠶᠠᠨ ᠪᠠᠶᠢᠭᠤᠯᠬᠤ ᠳᠤ ᠪᠠᠨ᠂ ᠤᠰᠤ᠂ ᠴᠠᠬᠢᠯᠭᠠᠨ᠂ ᠢᠯᠴᠢ᠂ ᠬᠡᠶ ᠬᠠᠩᠭᠠᠬᠤ ᠵᠡᠷᠭᠡ ᠬᠤᠯᠪᠣᠭᠳᠠᠯ ᠪᠥᠬᠦᠶ ᠲᠤᠰᠬᠠᠶ ᠡᠵᠡᠩᠨᠡᠯᠲᠡ ᠶᠢᠨ ᠨᠢᠭᠡᠴᠢ ᠳᠤ ᠮᠡᠳᠡᠭᠳᠡᠵᠦ ᠣᠷᠣᠯᠴᠠᠭᠤᠯᠬᠤ ᠬᠡᠷᠡᠭᠲᠡᠶ︔ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠲᠤᠰᠬᠠᠶ ᠮᠡᠷᠭᠡᠵᠢᠯ ᠤᠨ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠥᠬᠦᠶ ᠬᠤᠭᠤᠯᠠᠶ ᠤᠲᠠᠰᠤ ᠶᠢ ᠲᠤᠰᠬᠠᠶ ᠮᠡᠷᠭᠡᠵᠢᠯ ᠤᠨ ᠡᠵᠡᠩᠨᠡᠯᠲᠡ ᠶᠢᠨ ᠨᠢᠭᠡᠴᠢ ᠳᠤ ᠰᠢᠯᠵᠢᠭᠦᠯᠦᠨ ᠥᠭᠴᠦ ᠬᠠᠮᠠᠭᠠᠯᠠᠨ ᠬᠠᠮᠢᠶᠠᠷᠤᠭᠤᠯᠵᠤ᠂ ᠲᠤᠰᠬᠠᠶ ᠮᠡᠷᠭᠡᠵᠢᠯ ᠤᠨ ᠡᠵᠡᠩᠨᠡᠯᠲᠡ ᠶᠢᠨ ᠨᠢᠭᠡᠴᠢ ᠨᠢ ᠭᠥᠯᠢᠶᠡᠨ ᠠᠪᠬᠤ ᠬᠡᠷᠡᠭᠲᠡᠶ᠃ ᠨᠢᠭᠡᠨᠲᠡ ᠠᠰᠢᠭᠯᠠᠯᠲᠠ ᠳᠤ ᠣᠷᠣᠭᠰᠠᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠥᠬᠦᠶ ᠬᠤᠭᠤᠯᠠᠶ ᠱᠤᠭᠤᠮ ᠢ ᠲᠤᠰᠬᠠᠶ ᠡᠵᠡᠩᠨᠡᠯᠲᠡ ᠶᠢᠨ ᠨᠢᠭᠡᠴᠢ ᠳᠤ ᠬᠠᠷᠠᠬᠠᠨ ᠰᠢᠯᠵᠢᠭᠦᠯᠦᠨ ᠲᠤᠰᠢᠶᠠᠵᠤ ᠬᠠᠮᠠᠭᠠᠯᠠᠨ ᠬᠠᠮᠢᠶᠠᠷᠤᠯᠤᠭ᠎ᠠ ᠥᠬᠡᠶ ᠪᠠᠶᠢᠪᠠᠯ᠂ ᠠᠳᠠᠯ ᠠᠬᠤᠶ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠬᠠᠶ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠠᠳ ᠰᠢᠯᠭᠠᠨ ᠬᠤᠷᠢᠶᠠᠵᠤ ᠠᠪᠤᠨ᠎ᠠ᠃ ᠲᠤᠰᠬᠠᠶ ᠡᠵᠡᠩᠨᠡᠯᠲᠡ ᠶᠢᠨ ᠨᠢᠭᠡᠴᠢ ᠳᠤ ᠰᠢᠯᠵᠢᠭᠦᠯᠦᠨ ᠲᠤᠰᠢᠶᠠᠭᠰᠠᠨ ᠪᠡᠯᠡᠳᠬᠡᠮᠵᠢ ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠬᠤᠭᠤᠯᠠᠶ ᠤᠲᠠᠰᠤ ᠶᠢᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ ᠵᠠᠷᠤᠳᠠᠯ ᠢ ᠲᠤᠰᠬᠠᠶ ᠡᠵᠡᠩᠨᠡᠯᠲᠡ ᠶᠢᠨ ᠨᠢᠭᠡᠴᠢ ᠠᠴᠠ ᠬᠠᠤᠯᠢ ᠶᠣᠰᠣᠭᠠᠷ ᠡᠭᠦᠷᠭᠡᠯᠡᠨ᠎ᠡ᠃ ᠪᠠᠲᠤᠯᠠᠭᠠᠲᠤ ᠵᠠᠰᠠᠪᠤᠷᠢ ᠶᠢᠨ ᠬᠤᠭᠤᠴᠠᠭᠠᠨ ᠳᠤ ᠪᠠᠶᠢᠪᠠᠯ ᠲᠡᠭᠦᠨ ᠤ ᠵᠠᠷᠤᠳᠠᠯ ᠢ ᠪᠦᠳᠦᠭᠡᠠ ᠪᠠᠶᠢᠭᠤᠯᠤᠯᠲᠠ ᠶᠢᠨ ᠨᠢᠭᠡᠴᠢ ᠠᠴᠠ ᠳᠠᠭᠠᠭᠠᠴᠢᠯᠠᠨ᠎ᠠ ᠭᠡᠵᠦ ᠲᠣᠭᠲᠠᠭᠠᠪᠠ᠃        ᠡᠭᠦᠨ ᠠᠴᠠ ᠭᠠᠳᠠᠨ᠎ᠠ᠂ ︽ᠲᠦᠷᠢᠮ︾ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠲᠥᠷᠥᠯ ᠢ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠭᠦᠯᠬᠦ ᠭᠤᠤᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠵᠣᠬᠢᠬᠤ ᠲᠣᠷᠭᠠᠭᠤᠯᠢ ᠶᠢᠨ ᠲᠦᠷᠢᠮ ᠢ ᠲᠣᠭᠲᠠᠭᠠᠪᠠ᠃ ᠲᠣᠷᠭᠠᠭᠤᠯᠢ ᠶᠢᠨ ᠳᠦᠷᠢᠮ ᠨᠢ ᠵᠢᠷᠤᠮᠵᠢᠭᠤᠯᠬᠤ ᠪᠠᠷ ᠭᠤᠣᠯ ᠪᠣᠯᠭᠠᠵᠤ᠂ ᠲᠣᠷᠭᠠᠬᠤ ᠪᠠᠷ ᠬᠠᠪᠰᠤᠷᠤᠮᠵᠢ ᠪᠣᠯᠭᠠᠨ᠎ᠠ᠃ ᠡᠭᠦᠨ ᠤ ᠬᠠᠮᠲᠤ ᠰᠢᠢᠳᠬᠡᠨ ᠲᠣᠷᠭᠠᠬᠤ ᠭᠤᠣᠯ ᠴᠣᠭᠴᠠ᠂ ᠬᠠᠤᠯᠢ ᠬᠡᠷᠡᠭᠵᠢᠭᠦᠯᠬᠦ ᠭᠤᠣᠯ ᠴᠣᠭᠴᠠ᠂ ᠰᠢᠢᠳᠬᠡᠨ ᠲᠣᠷᠭᠠᠬᠤ ᠵᠣᠭᠤᠰ ᠤᠨ ᠲᠤᠭ᠎ᠠ᠂ ᠳᠥᠯᠥᠬᠦ ᠬᠠᠷᠢᠭᠤᠴᠠᠯᠭ᠎ᠠ ᠵᠢᠴᠢ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠲᠡᠭᠦᠨ ᠤ ᠠᠵᠢᠯᠲᠠᠨ ᠤ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃        ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠢᠩᠬᠢᠮ ᠤᠨ ᠬᠤᠭᠤᠷᠣᠨᠳᠣᠬᠢ ᠬᠤᠯᠪᠣᠭᠠᠲᠤ ᠬᠤᠷᠠᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠨ᠎ᠡ ︽ᠲᠦᠷᠢᠮ︾ ᠢ ᠤᠬᠠᠭᠤᠯᠵᠤ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠠᠬᠢᠭᠤᠯᠬᠤ ᠶᠢᠨ ᠬᠠᠮᠲᠤ ᠬᠤᠶᠢᠰᠢᠳᠠ ᠶᠢᠨ ᠢᠵᠢ ᠪᠦᠷᠢᠳᠦᠭᠰᠡᠨ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠳᠠᠯ ᠠᠬᠤᠶ ᠶᠢᠨ ᠦᠢᠯᠡᠴᠢᠯᠡᠭᠡᠨ ᠤ ᠳᠦᠷᠢᠮᠵᠢᠭᠦᠯᠦᠯᠲᠡ᠂ ᠬᠠᠤᠯᠢᠵᠢᠯᠲᠠ ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠣᠷᠣᠨ ᠤ ᠠᠳᠠᠯ ᠠᠬᠤᠶ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号