ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/20
           12 ᠳ᠋ᠤᠭᠠᠷ ᠰᠠᠷ᠎ᠠ ᠶᠢᠨ 19 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ 7 ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠰᠢᠨ᠎ᠡ ᠪᠠᠷ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠤᠯᠠᠭᠰᠠᠨ 29 ᠡᠪᠡᠳᠴᠢᠨ ᠤ ᠵᠢᠱᠢᠶ᠎ᠡ ︵ᠴᠦᠮ ᠬᠦᠯᠦᠨ ᠪᠤᠶᠢᠷ ᠤᠨ ᠮᠠᠨᠵᠤᠤᠷ ᠬᠤᠲᠠ ᠳᠤ︶ ᠡᠷᠡᠭᠦᠯᠵᠢᠵᠦ ᠡᠮᠨᠡᠯᠭᠡ ᠠᠴᠠ ᠭᠠᠷᠪᠠ᠃        12 ᠳ᠋ᠤᠭᠠᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 425 ︵ᠬᠦᠯᠦᠨ ᠪᠤᠶᠢᠷ ᠤᠨ ᠮᠠᠨᠵᠤᠤᠷ ᠬᠤᠲᠠ ᠳᠤ 414᠂ ᠰᠢᠨ᠎ᠡ ᠪᠠᠷᠭᠤ ᠪᠠᠷᠠᠭᠤᠨ ᠬᠤᠰᠢᠭᠤᠨ ᠳᠤ 10᠂ ᠮᠠᠨᠵᠤᠤᠷ ᠬᠤᠲᠠ ᠳᠤ ᠬᠤᠯᠪᠤᠭᠳᠠᠭᠰᠠᠨ ᠲᠣᠳᠤᠯᠠᠭᠰᠠᠨ 1 ᠡᠪᠡᠳᠴᠢᠨ ᠤ ᠵᠢᠱᠢᠶ᠎ᠡ ᠨᠢ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ︶ ᠪᠠᠶᠢᠨ᠎ᠠ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号