ᠴᠧᠨ ᠵᠠᠨ ᠢᠩ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠨᠠᠢᠮᠠᠳᠤᠭᠠᠷ ᠬᠤᠷᠠᠯ ᠤᠨ ᠪᠠᠶᠢᠩᠭᠤ ᠶᠢᠨ ᠬᠤᠷᠠᠯ ︵ᠦᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/21
        12 ᠰᠠᠷ᠎ᠠ ᠶᠢᠨ 17 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠨᠠᠢᠮᠠᠳᠤᠭᠠᠷ ᠬᠤᠷᠠᠯ ︵ᠦᠷᠭᠡᠳᠬᠡᠭᠰᠡᠨ︶ ᠢ ᠡᠷᠬᠢᠯᠡᠨ ᠬᠤᠷᠠᠯᠳᠤᠭᠤᠯᠪᠠ᠃ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠤᠷᠤᠯᠠᠭᠴᠢ ᠳᠠᠷᠤᠭ᠎ᠠ ᠵᠤᠤ ᠯᠠᠨ ᠭᠤᠸᠠᠩ ᠪᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠪᠠ᠃ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠰᠢᠶᠠᠨ ᠹᠧᠩ᠂ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠱᠢ ᠭᠤᠸᠠᠩ ᠬᠠᠢ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ  ᠤᠨ ᠳᠤᠭᠤᠶᠢᠯᠠᠩ ᠤᠨ ᠱᠦᠵᠢ ᠸᠠᠩ ᠶᠠ ᠵᠢᠶᠦ᠋ᠨ᠂ ᠬᠠᠮᠢᠶ᠎ᠠ ᠪᠦᠬᠦᠢ ᠳᠡᠳ᠋ ᠭᠠᠵᠠᠷ ᠤᠨ ᠳᠡᠰ ᠤᠨ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠤᠷᠤᠯᠴᠠᠪᠠ᠃        ᠬᠤᠷᠠᠯ ᠳᠤ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠦᠪ ᠤᠨ ᠰᠣᠷᠭᠠᠨ ᠬᠦᠮᠦᠵᠢᠯ ᠤᠨ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠪᠠ ᠬᠠᠮᠢᠶ᠎ᠠ ᠪᠦᠬᠦᠢ ᠤᠳᠤᠷᠢᠳᠬᠤ ᠨᠦᠬᠦᠳ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠩᠱᠠᠨ ᠲᠣᠭᠤᠷᠢᠭ ᠤᠨ ︽ᠠᠷᠠᠯᠵᠢᠶᠠᠴᠢᠨ ᠤᠷᠢᠵᠤ ᠪᠡᠯᠡ ᠲᠠᠲᠠᠬᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠬᠡᠯᠬᠢᠶᠡᠨ ᠳᠠᠷᠤᠭ᠎ᠠ  ᠶᠢᠨ ᠳᠦᠷᠢᠮ ᠵᠢᠴᠢ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠤᠰᠬᠠᠢ ᠠᠩᠭᠢ ᠶᠢᠨ ᠳᠦᠷᠢᠮ ᠤᠨ ᠠᠵᠢᠯ ᠤᠨ ᠲᠥᠰᠦᠯ ︵ᠬᠢᠨᠠᠨ ᠵᠦᠪᠯᠡᠬᠦ ᠲᠦᠰᠦᠯ︶︾᠂ ︽ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶ ︵ᠬᠢᠨᠠᠨ ᠵᠦᠪᠯᠡᠬᠦ ᠲᠥᠰᠦᠯ︶︾᠂ ︽ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠭᠴᠢ ᠶᠢᠨ ᠲᠠᠰᠬᠠᠯ ᠲᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠬᠦ ᠲᠤᠬᠠᠢ ᠬᠡᠷᠡᠭᠵᠢᠭᠦᠯᠬᠦ ᠲᠥᠰᠦᠯ ︵ᠬᠢᠨᠠᠨ ᠵᠦᠪᠯᠡᠬᠦ ᠨᠤᠤᠷᠠᠭ︶︾ ᠢ ᠬᠢᠨᠠᠨ ᠵᠦᠪᠯᠡᠵᠦ ᠪᠠᠲᠤᠯᠠᠨ᠂ 2022 ᠣᠨ ᠳᠤ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠳᠤ ᠪᠤᠳᠠᠲᠠᠶᠢᠵᠢᠭᠤᠯᠬᠤ ᠲᠥᠷᠦᠯ ᠵᠦᠢᠯ᠂ ᠨᠠᠮ ᠤᠨ ᠪᠠᠶᠢᠭᠤᠯᠤᠯᠲᠠ ᠶᠢᠨ ᠲᠥᠷᠦᠯ ᠵᠦᠢᠯ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠵᠤ᠂ ᠳᠠᠷᠠᠭ᠎ᠠ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号