ᠴᠧᠨ ᠵᠠᠨ ᠢᠩ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠳᠤᠯᠤᠳᠤᠭᠠᠷ ᠤᠳᠠᠭᠠᠨ ᠤ ᠪᠠᠶᠢᠩᠭᠤ ᠶᠢᠨ ︵ᠦᠷᠭᠡᠳᠬᠡᠭᠰᠡᠨ︶ ᠬᠤᠷᠠᠯ ᠵᠢᠴᠢ ᠨᠠᠮ ᠤᠨ ᠳᠤᠭᠤᠶᠢᠯᠠᠩ  ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠳᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/21
        12 ᠰᠠᠷ᠎ᠠ ᠶᠢᠨ 17 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠳᠤᠯᠤᠳᠤᠭᠠᠷ ᠤᠳᠠᠭᠠᠨ ᠤ ᠪᠠᠶᠢᠩᠭᠤ ᠶᠢᠨ ︵ᠦᠷᠭᠡᠳᠬᠡᠭᠰᠡᠨ︶ ᠬᠤᠷᠠᠯ ᠵᠢᠴᠢ ᠨᠠᠮ ᠤᠨ ᠳᠤᠭᠤᠶᠢᠯᠠᠩ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠳᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠳᠤ 18 ᠦᠨᠳᠦᠰᠦᠨ ᠱᠠᠲᠤᠨ ᠤ ᠨᠠᠮ ︵ᠠᠵᠢᠯᠲᠠᠨ︶ ᠤᠨ ᠬᠤᠷᠢᠶ᠎ᠠ᠂ ᠨᠠᠮ ᠤᠨ ᠳᠤᠭᠤᠶᠢᠯᠠᠩ  ᠤᠨ ᠱᠦᠵᠢ ᠶᠢᠨ ᠳᠤᠰᠢᠶᠠᠯ ᠤᠨ ᠲᠤᠭᠠᠴᠢᠯᠲᠠ ᠶᠢ ᠰᠤᠨᠤᠰᠴᠤ᠂ 4 ᠦᠨᠳᠦᠰᠦᠨ ᠱᠠᠲᠤᠨ ᠤ ᠨᠠᠮ ᠠᠵᠢᠯᠲᠠᠨ ᠤ ᠵᠦᠪᠯᠡᠯ ᠤᠨ ᠱᠦᠵᠢ ᠪᠢᠴᠢᠭ ᠤᠨ ᠬᠡᠯᠪᠡᠷᠢ ᠪᠠᠷ ᠲᠤᠰᠢᠶᠠᠯ ᠤᠨ ᠲᠤᠭᠠᠴᠢᠯᠲᠠ ᠬᠢᠪᠡ᠃ ᠬᠤᠲᠠ ᠶᠢᠨ ᠵᠤᠬᠢᠶᠠᠨ ᠪᠠᠶᠢᠭᠤᠯᠬᠤ ᠬᠡᠯᠲᠡᠰ ᠤᠨ  ᠨᠠᠮ ᠤᠨ ᠭᠡᠰᠢᠭᠦᠨ ᠤ ᠬᠦᠮᠦᠵᠢᠯ ᠤᠨ ᠲᠥᠪ ᠤᠨ ᠳᠡᠳ᠋ ᠡᠷᠬᠢᠯᠡᠭᠴᠢ ᠱᠤᠤ ᠵᠢᠶᠠᠨ ᠫᠧᠩ ᠬᠤᠷᠠᠯ ᠳᠤ ᠤᠷᠤᠯᠴᠠᠵᠤ ᠵᠢᠭᠠᠨ ᠵᠢᠯᠤᠭᠤᠳᠬᠤ ᠶᠢᠨ ᠬᠠᠮᠲᠤ ᠢᠯᠡᠳᠬᠡᠯ ᠢ ᠦᠨᠡᠯᠡᠪᠡ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠪᠠᠢ ᠴᠣᠸᠠᠨ ᠲᠣᠭᠤᠷᠢᠭ  ᠤᠨ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠠᠵᠢᠯ ᠳᠤ ᠤᠷᠤᠰᠢᠵᠤ ᠪᠠᠶᠢᠭ᠎ᠠ ᠪᠤᠳᠠᠲᠠᠢ ᠠᠰᠠᠭᠤᠳᠠᠯ ᠢ ᠵᠠᠳᠠᠯᠤᠨ ᠦᠨᠡᠯᠡᠪᠡ᠃ ᠬᠤᠩᠱᠠᠨ ᠲᠣᠭᠤᠷᠢᠭ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ ᠤ ᠨᠠᠮ  ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠤᠷᠤᠯᠴᠠᠪᠠ᠃        ᠴᠧᠨ ᠵᠠᠨ ᠢᠩ ᠵᠢᠭᠠᠬᠤ ᠳᠠᠭᠠᠨ᠂ ᠲᠣᠭᠤᠷᠢᠭ ᠤᠨ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠡᠷᠬᠡᠪᠰᠢ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ  ᠢ ᠬᠠᠮᠠᠭᠠᠯᠠᠬᠤ︾ ᠶᠢ ᠡᠷᠡᠰ ᠨᠠᠶᠢᠳᠠᠪᠤᠷᠢᠵᠢᠭᠤᠯᠤᠨ᠂ ᠤᠨᠤᠯ ᠢᠶᠠᠷ ᠵᠡᠪᠰᠡᠭᠯᠡᠬᠦ ᠶᠢ ᠦᠨᠡᠨᠬᠦ ᠴᠢᠩᠭᠠᠳᠬᠠᠵᠤ᠂ ᠤᠨᠤᠯ ᠦᠢᠯᠡᠳᠦᠯᠭᠡ ᠶᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠪᠠ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯᠲᠡ᠂ ᠦᠨᠳᠦᠰᠦᠨ ᠱᠠᠲᠤᠨ ᠤ ᠴᠡᠭᠴᠡᠯᠡᠨ ᠵᠠᠰᠠᠯᠲᠠ᠂ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠲᠠᠢ ᠤᠶᠠᠯᠳᠤᠭᠤᠯᠵᠤ᠂ ᠴᠢᠨᠰᠠᠭ᠎ᠠ ᠰᠠᠶᠢᠲᠤ ᠨᠠᠮ ᠤᠨ ᠪᠠᠶᠢᠭᠤᠯᠤᠯᠲᠠ ᠪᠠᠷ ᠴᠢᠨᠰᠠᠭᠠᠲᠤ ᠬᠦᠭᠵᠢᠯᠲᠡ ᠶᠢ ᠬᠦᠲᠦᠯᠦᠨ ᠳᠠᠭᠠᠭᠤᠯᠵᠤ᠂ ᠲᠣᠭᠤᠷᠢᠭ ᠤᠨ ᠡᠯ᠎ᠡ ᠲᠦᠷᠦᠯ ᠤᠨ ᠠᠵᠢᠯ ᠦᠢᠯᠡᠰ ᠤᠨ ᠲᠠᠰᠤᠷᠠᠯᠲᠠ ᠦᠭᠡᠢ ᠪᠠᠷ ᠨᠡᠩ ᠦᠨᠳᠦᠷ ᠲᠦᠪᠰᠢᠨ ᠲᠡᠰᠢ ᠤᠷᠤᠭᠰᠢᠯᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号