ᠸᠠᠨ ᠴᠢ ᠴᠤᠤ ᠡᠮ ᠡᠮᠨᠡᠯᠭᠡ ᠶᠢᠨ ᠠᠵᠤ ᠦᠢᠯᠡᠰ ᠤᠨ ᠬᠦᠭᠵᠢᠯᠲᠡ ᠳᠤ ᠲᠤᠰᠬᠠᠢ ᠰᠡᠳᠦᠪᠲᠦ ᠰᠤᠳᠤᠯᠤᠨ ᠪᠠᠶᠢᠴᠠᠭᠠᠯᠲᠠ ᠬᠢᠵᠦ᠂ ᠰᠢᠨ᠎ᠡ ᠶᠢ ᠡᠭᠦᠳᠬᠦ ᠶᠢ ᠲᠦᠷᠭᠡᠪᠴᠢᠯᠡᠨ ᠠᠬᠢᠭᠤᠯᠵᠤ᠂ ᠬᠡᠯᠬᠢᠶᠡᠰᠦ ᠶᠢ ᠤᠷᠲᠤᠳᠬᠠᠵᠤ ᠬᠡᠯᠬᠢᠶᠡᠰᠦ ᠶᠢ ᠨᠦᠬᠦᠨ᠂ ᠤᠯᠠᠭᠠᠨᠬᠠᠳᠠ ᠶᠢᠨ ᠡᠮ ᠡᠮᠨᠡᠯᠭᠡ ᠶᠢᠨ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/12/21
        12 ᠰᠠᠷ᠎ᠠ ᠶᠢᠨ 16 ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠢ ᠴᠤᠤ ᠮᠠᠨ ᠤ ᠬᠤᠲᠠ ᠶᠢᠨ ᠡᠮ ᠡᠮᠨᠡᠯᠭᠡ ᠶᠢᠨ ᠠᠵᠣ ᠦᠢᠯᠡᠰ ᠤᠨ ᠬᠦᠭᠵᠢᠯᠲᠡ ᠶᠢᠨ ᠪᠠᠶᠢᠳᠠᠯ ᠢ ᠤᠶᠢᠯᠠᠭᠠᠬᠤ ᠪᠠᠷ ᠬᠡᠰᠡᠭ ᠠᠵᠣ ᠠᠬᠤᠶᠢᠯᠠᠯ ᠳᠤ ᠬᠦᠷᠴᠦ ᠲᠤᠰᠬᠠᠢ ᠰᠡᠳᠦᠪᠲᠦ ᠰᠤᠳᠤᠯᠤᠨ ᠪᠠᠶᠢᠴᠠᠭᠠᠯᠲᠠ ᠬᠢᠵᠦ᠂ ᠰᠢᠨ᠎ᠡ ᠶᠢ ᠡᠭᠦᠳᠬᠦ ᠶᠢ ᠲᠦᠷᠭᠡᠪᠴᠢᠯᠡᠨ ᠠᠬᠢᠭᠤᠯᠵᠤ᠂ ᠬᠡᠯᠬᠢᠶᠡᠰᠦ ᠶᠢ ᠤᠷᠲᠤᠳᠬᠠᠵᠤ ᠬᠡᠯᠬᠢᠶᠡᠰᠦ ᠶᠢ ᠨᠦᠬᠦᠨ᠂ ᠤᠯᠠᠭᠠᠨᠬᠠᠳᠠ ᠶᠢᠨ ᠡᠮ ᠡᠮᠨᠡᠯᠭᠡ ᠶᠢᠨ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠸᠠᠨ ᠴᠢ ᠴᠤᠤ ᠤᠷᠢᠳ ᠬᠤᠵᠢᠳ ᠦᠪᠦᠷ ᠮᠤᠩᠭᠤᠯ ᠤᠨ ᠭᠧ ᠯᠢᠨ ᠲᠧ ᠡᠮ ᠡᠮᠨᠡᠯᠭᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠤᠯᠠᠭᠠᠨᠬᠠᠳᠠ ᠶᠢᠨ ᠸᠠᠨ ᠽᠧ ᠡᠮ ᠤᠨ ᠦᠢᠯᠡᠰ ᠤᠨ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ᠂ ᠵᠢᠩ ᠹᠦ᠋ ᠺᠠᠩ ᠡᠮ ᠤᠨ ᠦᠢᠯᠡᠰ ᠤᠨ ᠪᠦᠯᠦᠭᠯᠡᠯ ᠤᠯᠠᠭᠠᠨᠬᠠᠳᠠ ᠶᠢᠨ ᠳ᠋ᠠᠨ ᠯᠦᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠡᠮ ᠤᠨ ᠦᠢᠯᠡᠰ ᠤᠨ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠲᠠᠨᠢᠯᠴᠠᠭᠤᠯᠭ᠎ᠠ ᠶᠢ ᠰᠤᠨᠤᠰᠤᠨ᠂ ᠦᠢᠯᠡᠳᠪᠦᠷᠢ ᠶᠢᠨ ᠲᠠᠰᠤᠭ ᠲᠤ ᠬᠦᠷᠴᠦ ᠠᠵᠤ ᠠᠬᠤᠶᠢᠯᠠᠯ ᠤᠨ ᠪᠦᠲᠦᠭᠡᠭᠳᠡᠭᠦᠨ ᠤ ᠲᠦᠷᠦᠯ ᠵᠦᠢᠯ᠂ ᠦᠢᠯᠡᠳᠪᠦᠷᠢᠯᠡᠯ ᠶᠢᠨ ᠠᠷᠭ᠎ᠠ ᠮᠠᠶ᠋ᠢᠭ ᠤᠷ᠎ᠠ ᠳᠡᠮ᠂ ᠰᠢᠨᠵᠢᠯᠡᠭᠡ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠵᠡᠷᠭᠡ ᠪᠠᠶᠢᠳᠠᠯ ᠢ ᠤᠶᠢᠯᠠᠭᠠᠨ᠂ ᠠᠵᠤ ᠠᠬᠤᠶᠢᠯᠠᠯ ᠤᠨ ᠦᠪᠡᠷᠰᠡᠳ ᠤᠨ ᠢᠶᠠᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠢᠯᠡᠳᠪᠦᠷᠢᠯᠡᠯ  ᠤᠨ ᠠᠷᠭ᠎ᠠ ᠮᠠᠶ᠋ᠢᠭ ᠤᠷ᠎ᠠ ᠳᠡᠮ ᠢᠶᠠᠨ ᠰᠠᠶᠢᠵᠢᠷᠠᠭᠤᠯᠤᠨ᠂ ᠨᠡᠩ ᠢᠯᠡᠭᠦᠦ ᠠᠯᠳᠠᠷᠰᠢᠯ ᠪᠠ ᠨᠦᠯᠦᠭᠡᠯᠡᠬᠦ ᠬᠦᠴᠦᠨ ᠪᠦᠬᠦᠢ ᠡᠮ ᠡᠮᠨᠡᠯᠭᠡ ᠶᠢᠨ ᠨᠡᠷᠡᠲᠦ ᠲᠡᠮᠳᠡᠭᠲᠦ ᠶᠢ ᠡᠬᠦᠳᠬᠦ ᠶᠢ ᠬᠦᠰᠡᠨ ᠨᠠᠶᠢᠳᠠᠪᠠ᠃        ᠬᠤᠲᠠ ᠶᠢᠨ ᠤᠳᠤᠷᠢᠳᠤᠯᠭ᠎ᠠ ᠴᠧᠨ ᠵᠠᠨ ᠢᠩ᠂ ᠰᠦᠩ ᠢᠦᠢ ᠵᠢᠶᠠᠨ᠂ ᠯᠢ ᠬᠤᠤ ᠨᠠᠨ ᠪᠠᠷ᠎ᠠ ᠪᠤᠯᠤᠯᠴᠠᠨ ᠰᠤᠳᠤᠯᠤᠨ ᠪᠠᠶᠢᠴᠠᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号