| | 12 ᠳ᠋ᠤᠭᠠᠷ ᠰᠠᠷ᠎ᠠ ᠶᠢᠨ 21 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ | ᠲᠣᠳᠤᠯᠠᠭᠰᠠᠨ 57 ᠡᠪᠡᠳᠴᠢᠨ ᠤ ᠵᠢᠱᠢᠶ᠎ᠡ ︵ᠬᠦᠯᠦᠨ ᠪᠤᠶᠢᠷ ᠤᠨ ᠮᠠᠨᠵᠤᠤᠷ ᠬᠤᠲᠠ ᠳᠤ 54᠂ ᠰᠢᠨ᠎ᠡ ᠪᠠᠷᠭᠤ | ᠪᠠᠷᠠᠭᠤᠨ ᠬᠤᠰᠢᠭᠤᠨ ᠳᠤ 3︶ ᠡᠷᠡᠭᠦᠯᠵᠢᠵᠦ ᠡᠮᠨᠡᠯᠭᠡ ᠠᠴᠠ ᠭᠠᠷᠪᠠ᠃ | 12 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ | ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 343 ︵ᠬᠦᠯᠦᠨ ᠪᠤᠶᠢᠷ ᠤᠨ ᠮᠠᠨᠵᠤᠤᠷ | ᠬᠤᠲᠠ ᠳᠤ 335᠂ ᠰᠢᠨ᠎ᠡ ᠪᠠᠷᠭᠤ ᠪᠠᠷᠠᠭᠤᠨ ᠬᠤᠰᠢᠭᠤᠨ ᠳᠤ 7︔ ᠮᠠᠨᠵᠤᠤᠷ ᠬᠤᠲᠠ ᠳᠤ ᠬᠤᠯᠪᠤᠭᠳᠠᠭᠰᠠᠨ | ᠲᠣᠳᠤᠯᠠᠭᠰᠠᠨ 1 ᠡᠪᠡᠳᠴᠢᠨ ᠤ ᠵᠢᠱᠢᠶ᠎ᠡ ᠨᠢ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ ᠪᠤᠢ︶ ᠪᠠᠶᠢᠨ᠎ᠠ | ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ | ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | |