12 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠬᠤᠶᠠᠳᠤᠭᠠᠷ | ᠤᠳᠠᠭ᠎ᠠ ᠶᠢᠨ ︵ᠥᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠣᠳᠣᠬᠠᠨ ᠳᠤ ᠮᠠᠨ ᠤ ᠣᠷᠣᠨ ᠶᠠᠭ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠲᠦᠯᠦᠨ | ᠳᠠᠭᠠᠭᠤᠯᠵᠤ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ | ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠪᠦᠬᠦ ᠬᠦᠴᠦᠨ ᠢᠶᠠᠷ ᠡᠬᠦᠳᠦᠨ ᠪᠠᠶᠢᠭᠤᠯᠵᠥ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ | ᠬᠥᠭᠵᠢᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠳᠡᠪᠬᠢ ᠬᠦᠴᠦᠨ ᠢ | ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠬᠤ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠲᠤᠯᠭᠠᠮ ᠰᠡᠳᠭᠢᠯᠭᠡ ᠪᠠᠨ ᠦᠨᠡᠨ ᠬᠦ | ᠴᠢᠩᠭᠠᠳᠬᠠᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ | ᠣᠪᠣᠷ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠰᠤᠯᠠᠷᠠᠭᠤᠯᠬᠤ ᠦᠭᠡᠢ ᠪᠠᠷᠢᠮᠵᠢᠶ᠎ᠠ ᠪᠠᠨ ᠪᠠᠭᠤᠷᠠᠭᠤᠯᠬᠤ ᠥᠭᠡᠢ | ᠪᠠᠶᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠴᠥᠬᠦᠷᠡᠰᠢ ᠦᠭᠡᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠢᠮᠠᠭᠲᠠ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ | ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ | ᠰᠢᠳᠤᠷᠭᠤ ᠪᠠᠷ ᠬᠦᠷᠢᠶᠡᠯᠡᠬᠦ ᠶᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ | ᠪᠠᠲᠤ ᠢᠳᠡᠬᠡᠨ ᠪᠢᠰᠢᠷᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ ᠬᠡᠵᠥ | ᠴᠢᠬᠤᠯᠠᠴᠢᠯᠠᠪᠠ᠃ | ᠬᠤᠷᠠᠯ ᠠᠴᠠ᠂ ᠠᠷᠢᠭᠤᠨ ᠴᠢᠬᠡᠴᠢ ᠵᠠᠰᠠᠭ ᠤᠨ ᠣᠷᠳᠣᠨ᠂ ᠬᠠᠤᠯᠢᠵᠢᠯ ᠤᠨ ᠵᠠᠰᠠᠭ ᠤᠨ ᠣᠷᠳᠣᠨ᠂ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ | ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ ᠯᠤᠭ᠎ᠠ | ᠬᠦᠨᠵᠡᠭᠡᠢ ᠨᠡᠪᠳᠡᠷᠡᠯᠴᠡᠬᠦᠯᠵᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠪᠢ ᠶᠢᠨ ᠠᠰᠢᠭ | ᠬᠥᠭᠡᠭᠡᠴᠡᠯᠳᠦᠬᠦ ᠣᠷᠣᠨ ᠵᠠᠢ ᠶᠢ ᠠᠷᠢᠯᠭᠠᠵᠤ᠂ ᠢᠯᠵᠡᠷᠡᠯ ᠤᠨ ᠬᠥᠷᠥᠰᠥ ᠰᠢᠷᠣᠢ ᠶᠢ ᠠᠷᠢᠯᠭᠠᠬᠤ ᠬᠡᠷᠡᠭᠲᠡᠢ᠃ ᠪᠡᠯᠡ | ᠮᠥᠩᠭᠦ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠵᠤ᠂ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ | ᠪᠤᠳᠤᠯᠳᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠪᠣᠷ ᠨᠠᠨᠳᠢᠨ ᠪᠡᠯᠡ ᠮᠥᠩᠭᠦ ᠶᠢ ᠴᠢᠬᠤᠯᠠ ᠭᠠᠵᠠᠷ᠂ | ᠵᠠᠩᠭᠢᠯᠠᠭ᠎ᠠ ᠶᠢᠨ ᠴᠡᠭ ᠲᠤ ᠬᠡᠷᠡᠭᠯᠡᠵᠦ᠂ ᠢᠨᠵᠧᠨᠧᠷᠢᠩ ᠨᠢᠭᠡ ᠪᠦᠷᠢ ᠶᠢ ᠨᠡᠷᠡᠨ ᠭᠡᠷᠡᠯᠲᠦ ᠢᠨᠵᠧᠨᠧᠷᠢᠩ᠂ ᠠᠷᠢᠭᠤᠨ | ᠴᠢᠬᠡᠴᠢ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠦᠬᠦ ᠬᠦᠴᠦᠨ ᠢᠶᠠᠷ ᠠᠬᠢᠭᠤᠯᠵᠤ᠂ ᠬᠠᠤᠯᠢ ᠪᠠᠷ ᠵᠠᠰᠠᠬᠤ ᠪᠠᠷ ᠡᠷᠬᠡ ᠳᠤ ᠶᠣᠰᠣ ᠲᠦᠷᠢᠮ ᠲᠣᠭᠲᠠᠭᠠᠵᠤ᠂ ᠵᠠᠭᠠᠭ | ᠱᠤᠭᠤᠮ ᠲᠣᠭᠲᠠᠭᠠᠵᠤ᠂ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢᠶᠠᠷ ᠠᠰᠠᠭᠤᠳᠠᠯ ᠢ | ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠢ | ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠢ ᠴᠣᠮᠬᠠᠳᠬᠠᠬᠤ ᠠᠷᠭ᠎ᠠ ᠵᠠᠮ ᠢ ᠬᠦᠴᠦᠯᠡᠨ ᠬᠡᠷᠡᠭᠵᠢᠭᠦᠯᠵᠦ | ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠡᠷᠬᠡ ᠲᠡᠭᠰᠢ᠂ ᠥᠨᠳᠥᠷ ᠪᠦᠲᠦᠮᠵᠢᠲᠡᠢ᠂ ᠢᠯᠡ ᠲᠣᠳᠣ᠂ ᠨᠡᠭᠡᠭᠡᠯᠲᠡᠲᠡᠢ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠦᠬᠦ ᠬᠦᠴᠦᠨ ᠢᠶᠠᠷ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠨᠡᠩ ᠶᠡᠭᠡ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠲᠦᠷᠢᠮ ᠭᠡᠬᠦ ᠡᠨᠡ ᠬᠦ | ᠵᠠᠩᠭᠢᠯᠠᠭ᠎ᠠ ᠶᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠳᠠᠶᠢᠴᠢᠯᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠡᠨᠡ ᠬᠦ | ᠵᠠᠩᠭᠢᠯᠠᠭ᠎ᠠ ᠶᠢᠨ ᠴᠡᠭ ᠢ ᠠᠳᠬᠤᠵᠤ᠂ ᠰᠢᠨ᠎ᠡ ᠰᠤᠷᠲᠠᠯ ᠢ ᠪᠤᠢ ᠪᠣᠯᠭᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ︽ᠲᠦᠷᠪᠡᠨ ᠰᠤᠷᠲᠠᠯ︾ ᠢ ᠥᠴᠦᠬᠡᠨ ᠴᠦ | ᠰᠤᠯᠠᠷᠠᠭᠤᠯᠤᠯ ᠦᠭᠡᠢ ᠵᠠᠯᠠᠷᠠᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠭᠡᠬᠦ ᠡᠨᠡ ᠬᠦ | ᠦᠨᠳᠦᠰᠦᠨ ᠵᠦᠢᠯ ᠢ ᠠᠳᠬᠤᠵᠤ᠂ ᠲᠦᠷᠢᠮ ᠤᠨ ᠳᠤᠲᠠᠭᠳᠠᠯ ᠢ ᠨᠥᠬᠦᠪᠥᠷᠢᠯᠡᠨ᠂ ᠡᠷᠬᠡ ᠶᠢᠨ ᠠᠵᠢᠯᠯᠠᠭᠠᠨ ᠢ | ᠵᠢᠷᠤᠮᠵᠢᠭᠤᠯᠵᠤ᠂ ᠢᠯᠵᠠᠷᠡᠯ ᠡᠭᠦᠰᠭᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠨᠠᠮ ᠪᠠ ᠠᠷᠠᠳ | ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠯᠪᠠᠨ ᠬᠡᠷ ᠪᠠᠰᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠨᠡᠶᠢᠲᠡᠯᠡᠵᠦ ᠵᠠᠳᠠᠯᠤᠨ ᠰᠢᠨᠵᠢᠯᠡᠵᠦ᠂ ᠠᠵᠢᠯ ᠤᠨ ᠰᠠᠨᠠᠭᠤᠯᠭ᠎ᠠ ᠳᠤᠷᠠᠳᠴᠠᠶ᠃ |