| 12 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠬᠡᠷᠡᠭ ᠢᠶᠠᠷ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ | ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠤᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ | ᠰᠦᠩ ᠯᠢᠶᠠᠩ ᠵᠡᠷᠭᠡ ᠬᠥᠮᠦᠰ ᠤᠨ ᠬᠤᠣᠷ ᠨᠥᠯᠥᠭᠡ ᠶᠢ ᠲᠦᠢᠯᠪᠤᠷᠢᠲᠠᠢ ᠠᠷᠢᠯᠭᠠᠬᠤ ᠪᠣᠯ ᠨᠢᠭᠡ ᠵᠦᠢᠯ ᠤᠨ ᠪᠡᠷᠬᠡ | ᠬᠠᠲᠠᠭᠤᠵᠢᠯᠲᠠᠢ ᠡᠭᠦᠷᠭᠡ ᠮᠥᠨ᠂ ᠡᠯ᠎ᠡ ᠠᠵᠢᠯᠯᠠᠬᠤ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠢᠨ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠰ ᠪᠠᠲᠤ ᠣᠪᠣᠷ᠂ ᠴᠢᠩᠭ᠎ᠠ ᠬᠦᠴᠦᠲᠡᠢ ᠠᠷᠭ᠎ᠠ | ᠬᠡᠮᠵᠢᠶ᠎ᠡ ᠪᠠᠷ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠦᠩ | ᠯᠢᠶᠠᠩ ᠤᠨ ᠬᠡᠷᠡᠭ ᠤᠨ ᠯᠡᠪᠡᠷᠡᠬᠦᠯᠦᠭᠰᠡᠨ ᠥᠪᠥᠷ ᠮᠣᠩᠭᠤᠯ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠪᠣᠯᠬᠢᠴᠢᠯᠠᠬᠤ᠂ ᠠᠷᠠᠯᠵᠢᠶᠠᠯᠠᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ | ᠠᠭᠤᠳᠠᠯᠤᠨ ᠨᠠᠷᠢᠯᠢᠭ ᠪᠠᠶᠢᠴᠠᠭᠠᠵᠤ᠂ ᠨᠠᠷᠢᠨ ᠲᠠᠩᠰᠠ ᠭᠠᠷᠭᠠᠵᠤ᠂ ᠠᠷᠭ᠎ᠠ ᠬᠡᠮᠵᠢᠶ᠎ᠡ ᠳᠤᠷᠠᠳᠴᠤ᠂ ᠦᠷᠭᠦᠯᠵᠢᠯᠡᠨ | ᠴᠡᠭᠴᠡᠯᠡᠨ ᠵᠠᠰᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠦᠨᠡᠨ ᠬᠦ ᠲᠥᠪ ᠴᠢᠩᠭ᠎ᠠ | ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷ ᠠᠴᠠ ᠡᠬᠢᠯᠡᠨ ᠠᠳᠬᠤᠵᠤ᠂ ᠡᠳᠦᠷ ᠲᠤᠳᠤᠮ ᠤᠨ | ᠬᠥᠮᠦᠵᠢᠯ ᠬᠠᠮᠢᠶᠠᠷᠤᠯᠲᠠ ᠬᠢᠨᠠᠯᠲᠠ ᠠᠴᠠ ᠡᠬᠢᠯᠡᠨ ᠠᠳᠬᠤᠵᠤ᠂ ︽ᠰᠢᠨ᠎ᠡ ᠪᠠᠶᠢᠳᠠᠯ ᠳᠣᠣᠷᠠᠬᠢ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠤᠨ ᠡᠯ᠎ᠡ ᠵᠦᠢᠯ ᠤᠨ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠲᠠᠬᠢᠨ ᠬᠢᠨᠠᠵᠤ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭ᠎ᠠ ᠲᠠᠢ ᠪᠠᠷ ᠪᠦᠷᠢᠯᠳᠦᠭᠰᠡᠨ | ᠪᠥᠭᠡᠳ ᠲᠦᠭᠡᠮᠡᠯ ᠴᠢᠨᠠᠷᠲᠠᠢ ᠲᠤᠪᠤᠶᠢᠮ᠎ᠠ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠠᠷ ᠳᠠᠮᠵᠢᠨ ᠤᠬ ᠦᠨᠳᠦᠰᠦ ᠠᠴᠠ ᠨᠢ | ᠪᠠᠬᠢᠵᠢᠭᠦᠯᠦᠨ᠂ ᠤᠬ ᠦᠨᠳᠦᠰᠦ ᠠᠴᠠ ᠨᠢ ᠴᠡᠭᠴᠡᠯᠡᠨ ᠵᠠᠰᠠᠵᠤ᠂ ᠮᠠᠭᠤᠵᠢᠷᠠᠬᠰᠠᠨ ᠪᠡᠶ᠎ᠡ ᠴᠤᠭᠴᠠ ᠶᠢ | ᠴᠢᠭᠢᠷᠠᠭᠵᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠵᠦ᠂ ᠰᠦᠩ ᠯᠢᠶᠠᠩ ᠵᠡᠷᠭᠡ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠡᠨᠡ ᠬᠦ | ᠣᠨᠴᠠᠭᠠᠢ ᠤᠯᠤᠰ ᠲᠥᠷᠥ ᠶᠢᠨ ᠡᠬᠢ ᠪᠠᠶᠠᠯᠢᠭ ᠢ ᠰᠠᠶᠢᠲᠤᠷ ᠠᠰᠢᠠᠠᠯᠠᠵᠤ᠂ ᠦᠨᠡᠨᠴᠢ ᠰᠢᠳᠤᠷᠭᠤ ᠪᠠᠶᠢᠬᠤ ᠬᠥᠮᠦᠵᠢᠯ | ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ | ᠬᠥᠲᠥᠯᠥᠨ ᠵᠢᠯᠣᠭᠤᠳᠴᠤ ᠪᠠᠶᠢᠭᠠᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠬᠠᠮᠤᠭ ᠤᠨ ᠨᠠᠭᠠᠳᠤ | ᠵᠠᠬ᠎ᠠ ᠶᠢᠨ ᠤᠯᠤᠰ ᠲᠥᠷᠥ ᠶᠢᠨ ᠱᠠᠭᠠᠷᠳᠠᠯᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠴᠢᠩ | ᠦᠨᠡᠨᠴᠢ ᠪᠠᠷ ᠬᠦᠯᠢᠶᠡᠵᠦ᠂ ᠥᠵᠡᠯ ᠪᠤᠳᠤᠯ ᠥᠢᠯᠡ ᠠᠵᠢᠯᠯᠠᠭ᠎ᠠ ᠠᠳᠠᠯᠢ᠂ ᠬᠡᠯᠡᠬᠦ ᠬᠢᠬᠦ ᠨᠢᠭᠡᠳᠦᠯᠲᠡᠢ ᠪᠠᠶᠢᠬᠤ ᠶᠢ | ᠢᠮᠠᠭᠲᠠ ᠪᠡᠶᠡᠯᠡᠭᠦᠯᠬᠦ ᠬᠡᠷᠡᠭᠲᠡᠢ᠃ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠨ᠂ ᠤᠯᠠᠮ ᠴᠢᠨᠠᠬᠰᠢᠳᠠ | ᠤᠯᠤᠰ ᠲᠦᠷᠦ ᠶᠢᠨ ᠪᠣᠭᠤᠮᠲᠠ ᠶᠢ ᠰᠠᠬᠢᠬᠤ ᠶᠠᠪᠤᠳᠠᠯ ᠢ ᠴᠢᠩᠭᠠᠳᠬᠠᠵᠤ᠂ ᠬᠥᠮᠦᠨ ᠬᠡᠷᠡᠭᠯᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ ᠰᠤᠷᠲᠠᠯ ᠢ ᠦᠨᠡᠨ ᠬᠦ ᠴᠢᠩᠭᠠᠳᠬᠠᠬᠤ ᠬᠡᠷᠡᠭᠲᠡᠢ᠂ | ᠶᠠᠭᠠᠬᠢᠭᠰᠠᠨ ᠴᠤ ︽ᠬᠤᠶᠠᠷ ᠨᠢᠭᠤᠷᠳᠠᠨ︾ ᠢ ᠤᠳᠤᠷᠢᠳᠬᠤ ᠺᠠᠳ᠋ᠷ ᠤᠨ ᠡᠩᠨᠡᠭᠡᠨ ᠳᠤ ᠬᠤᠳᠬᠤᠨ ᠣᠷᠣᠭᠤᠯᠵᠤ | ᠪᠣᠯᠬᠤ ᠦᠭᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ | ᠵᠥᠷᠢᠴᠡᠭᠰᠡᠨ ᠬᠡᠷᠡᠭ ᠪᠣᠯ ᠨᠡᠶᠢᠲᠡᠯᠢᠭ ᠴᠢᠨᠠᠷᠲᠠᠢ ᠮᠥᠩᠭᠦᠨ ᠭᠦᠢᠯᠭᠡᠭᠡᠨ ᠤ ᠢᠯᠵᠠᠷᠠᠯ ᠤᠨ ᠬᠡᠷᠡᠭ ᠪᠣᠯᠤᠨ᠎ᠠ᠂ | ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶᠢᠷᠡᠭᠦᠯᠬᠦ ᠳᠤ ᠡᠷᠬᠡᠪᠰᠢ ᠮᠠᠨ ᠤ ᠣᠷᠣᠨ ᠤ | ᠮᠥᠩᠭᠦᠨ ᠭᠦᠢᠯᠭᠡᠭᠡᠨ ᠤ ᠬᠦᠷᠢᠶᠡᠨ ᠤ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠪᠣᠯᠤᠨ ᠰᠢᠰᠲ᠋ᠧᠮᠲᠦ | ᠴᠢᠨᠠᠷᠲᠠᠢ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠬᠦᠴᠦᠲᠡᠢ᠂ ᠣᠨᠣᠴᠠᠲᠠᠢ ᠭᠦᠨᠵᠡᠭᠡᠢ ᠠᠬᠢᠭᠤᠯᠬᠤ | ᠬᠡᠷᠡᠭᠲᠡᠢ᠃ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠮᠥᠩᠭᠦᠨ ᠭᠦᠶ᠋ᠯᠭᠡᠭᠡᠨ ᠤ ᠰᠢᠰᠲ᠋ᠧᠮ ᠳᠤ ᠭᠠᠷᠤᠭᠰᠠᠨ | ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠲᠠᠢ ᠤᠶᠠᠯᠳᠤᠭᠤᠯᠤᠨ᠂ ᠬᠡᠷᠡᠭ ᠤᠨ ᠰᠦᠪᠡᠭᠴᠢ ᠶᠢ | ᠦᠨᠳᠦᠰᠦᠨ ᠠᠴᠠ ᠨᠢ ᠰᠢᠶ᠋ᠳᠪᠦᠷᠢᠯᠡᠬᠦ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠠᠰᠠᠭᠤᠳᠠᠯ ᠤᠨ | ᠰᠦᠪᠡᠭᠴᠢ ᠪᠠ ᠬᠡᠷᠡᠭ ᠲᠤ ᠬᠤᠯᠪᠣᠭᠳᠠᠭᠰᠠᠨ ᠬᠥᠮᠦᠰ ᠢ ᠪᠥᠬᠦ ᠲᠠᠯ᠎ᠠ ᠪᠠᠷ ᠪᠠᠶᠢᠴᠠᠭᠠᠨ ᠬᠠᠷᠭᠤᠭᠤᠯᠵᠤ᠂ ᠦᠨᠡᠨ ᠬᠦ | ᠪᠠᠶᠢᠴᠠᠭᠠᠨ ᠳᠣᠲᠣᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠢᠶ᠋ᠳᠪᠦᠷᠢᠯᠡᠬᠦ ᠬᠡᠷᠡᠭᠲᠡᠶ᠃ ᠮᠥᠩᠭᠦᠨ | ᠭᠦᠢᠯᠭᠡᠭᠡᠨ ᠤ ᠨᠢᠭᠡᠴᠢ ᠶᠢᠨ ᠤᠳᠤᠷᠢᠳᠬᠤ ᠪᠠᠭ ᠢᠯᠠᠩᠭᠤᠶ᠎ᠠ ︽ᠨᠢᠭᠡᠳᠦᠭᠡᠷ ᠭᠠᠷ︾ ᠤᠨ ᠬᠢᠨᠠᠯᠲᠠ ᠶᠢ ᠲᠤᠪᠤᠶᠢᠯᠭᠠᠨ | ᠴᠢᠩᠭᠠᠳᠬᠠᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠢᠯᠵᠠᠷᠠᠯ ᠤᠨ ᠠᠰᠠᠭᠤᠳᠠᠯ ᠢ ᠴᠢᠩᠭ᠎ᠠ ᠰᠡᠷᠭᠡᠶᠢᠯᠡᠨ ᠴᠢᠩᠭ᠎ᠠ ᠵᠠᠰᠠᠵᠤ | ᠴᠢᠩᠭ᠎ᠠ ᠪᠠᠶᠢᠴᠠᠭᠠᠬᠤ ᠬᠡᠷᠡᠭᠲᠡᠢ᠃ ᠢᠯᠵᠢᠷᠡᠯ ᠤᠨ ᠠᠶᠤᠯ ᠲᠦᠭᠰᠢᠭᠦᠷᠢ᠂ ᠡᠵᠡᠩᠨᠡᠯᠲᠡ ᠶᠢᠨ ᠠᠶᠤᠯ ᠲᠦᠭᠰᠢᠭᠦᠷᠢ᠂ | ᠮᠡᠳᠡᠭᠡ ᠵᠠᠩᠭᠢ ᠶᠢᠨ ᠮᠡᠷᠭᠡᠵᠢᠯ ᠤᠨ ᠠᠶᠤᠯ ᠲᠦᠭᠰᠢᠭᠦᠷᠢ᠂ ᠬᠤᠯᠪᠣᠯᠳᠤᠭᠰᠠᠨ ᠠᠶᠤᠯ ᠲᠦᠭᠰᠢᠭᠦᠷᠢ᠂ | ᠬᠠᠮᠢᠶᠠᠷᠤᠯᠲᠠ ᠶᠢᠨ ᠠᠶᠤᠯ ᠲᠦᠭᠰᠢᠭᠦᠷᠢ᠂ ᠨᠠᠮ ᠢ ᠬᠠᠮᠢᠶᠠᠷᠴᠤ ᠨᠠᠮ ᠢ ᠵᠠᠰᠠᠬᠤ ᠠᠶᠤᠯ ᠳᠦᠭᠰᠢᠬᠦᠷᠢ ᠶᠢ ᠠᠷᠢᠯᠭᠠᠬᠤ | ︽ᠵᠢᠷᠭᠤᠭᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠢᠯᠵᠢᠷᠡᠯ ᠢ ᠡᠰᠡᠷᠭᠦᠴᠡᠬᠦ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠦᠬᠦ ᠣᠷᠣᠨ ᠤ ᠮᠥᠩᠭᠦᠨ ᠭᠦᠢᠯᠭᠡᠭᠡᠨ ᠤ | ᠨᠢᠭᠡᠴᠢ ᠶᠢᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠳᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠵᠣᠷᠢᠭᠲᠠᠢ ᠪᠠᠷ | ᠬᠠᠲᠠᠭᠤ ᠲᠠᠢ ᠨᠢ ᠬᠠᠯᠳᠠᠵᠤ᠂ ᠱᠠᠯᠠᠪᠳᠠᠭᠤᠯᠤᠨ ᠱᠠᠭᠠᠷᠳᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠪᠣᠳᠠᠲᠠᠶᠢᠵᠢᠭᠤᠯᠬᠤ ᠶᠢ ᠬᠦᠴᠦᠯᠡᠨ | ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠢ | ᠲᠣᠭᠲᠠᠭᠤᠨ ᠢᠶᠠᠷ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ | ᠳᠤᠭᠤᠶᠢᠯᠠᠩ ᠤᠨ ᠡᠯ᠎ᠡ ᠠᠵᠢᠯᠯᠠᠬᠤ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠤᠯᠤᠰ | ᠲᠦᠷᠦ ᠶᠢᠨ ᠲᠠᠯ᠎ᠠ ᠠᠴᠠ ᠦᠵᠡᠬᠦ ᠶᠢ ᠪᠠᠷᠢᠮᠲᠠᠯᠠᠵᠤ᠂ ᠡᠷᠡᠰ ᠰᠢᠭᠤᠷᠬᠠᠢ ᠪᠠᠷ ᠤᠯᠤᠰ ᠲᠦᠷᠦ ᠶᠢᠨ ᠲᠠᠯ᠎ᠠ ᠠᠴᠠ | ᠬᠢᠵᠦ᠂ ᠪᠠᠶᠢᠪᠠᠰᠤ ᠵᠣᠬᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ᠂ | ᠨᠡᠩ ᠴᠢᠩᠭ᠎ᠠ ᠰᠠᠬᠢᠯᠭ᠎ᠠ ᠪᠠᠲᠤ ᠣᠪᠣᠷ ᠰᠤᠷᠲᠠᠯ ᠢᠶᠠᠷ ᠠᠵᠢᠯ ᠢᠶᠠᠨ ᠠᠬᠢᠭᠤᠯᠵᠤ᠂ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠰᠠᠶᠢᠲᠤᠷ ᠬᠢᠬᠦ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ | ᠴᠢᠩᠭ᠎ᠠ ᠠᠳᠬᠤᠵᠤ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠨᠢᠭᠡ ᠠᠴᠠ ᠨᠥᠬᠦᠭᠡ ᠶᠢ | ᠵᠦᠶ᠋ᠴᠢᠯᠡᠨ ᠰᠢᠰᠲ᠋ᠧᠮ ᠲᠠᠢ ᠵᠠᠰᠠᠯᠲᠠ ᠬᠢᠵᠥ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ | ᠵᠠᠰᠠᠬᠤ ᠶᠢ ᠪᠠᠷᠢᠮᠲᠠᠯᠠᠵᠤ᠂ ᠨᠢᠭᠡ ᠠᠰᠠᠭᠤᠳᠠᠯ ᠢ ᠴᠡᠭᠴᠡᠯᠡᠨ ᠵᠠᠰᠠᠬᠤ ᠪᠠᠷ ᠳᠠᠮᠵᠢᠭᠤᠯᠤᠨ ᠨᠢᠭᠡ ᠲᠥᠷᠥᠯ ᠤᠨ | ᠠᠰᠠᠭᠤᠳᠠᠯ ᠢ ᠰᠢᠶ᠋ᠳᠪᠦᠷᠢᠯᠡᠬᠦ ᠶᠢ ᠠᠬᠢᠭᠤᠯᠵᠤ᠂ ᠨᠢᠭᠡ ᠲᠠᠯ᠎ᠠ ᠶᠢᠨ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ | ︽ᠭᠤᠷᠪᠠ ᠥᠬᠡᠶ ᠪᠠᠶᠢᠬᠤ︾ ᠶᠢ ᠨᠢᠭᠡ ᠴᠤᠭᠴᠠᠵᠢᠭᠤᠯᠤᠨ ᠠᠬᠢᠭᠤᠯᠬᠤ ᠲᠥᠪᠯᠡᠷᠡᠩᠭᠦᠶ ᠦᠷ᠎ᠡ ᠪᠦᠲᠦᠮᠵᠢ ᠶᠢ | ᠴᠢᠷᠮᠠᠶᠢᠨ ᠪᠣᠶ ᠪᠣᠯᠭᠠᠬᠤ ᠬᠡᠷᠡᠭᠲᠡᠶ᠃ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ ᠦᠨᠡᠨ ᠬᠦ ᠬᠠᠷᠢᠭᠤᠴᠠᠯᠭ᠎ᠠ | ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠴᠢᠬᠤᠯᠠ ᠠᠵᠢᠯ ᠢ | ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠠᠬᠢᠭᠤᠯᠤᠨ | ᠰᠢᠢᠳᠪᠦᠷᠢᠯᠡᠵᠥ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠰᠠᠶᠢᠲᠤᠷ | ᠠᠳᠬᠤᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠡᠯ᠎ᠡ ᠵᠦᠢᠯ ᠤᠨ ᠡᠭᠦᠷᠭᠡ ᠶᠢ ᠬᠦᠴᠦᠲᠡᠢ | ᠪᠦᠲᠦᠮᠵᠢᠲᠡᠢ ᠰᠠᠶᠢᠲᠤᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃ | |