ᠬᠤᠩᠱᠠᠨ ᠲᠤᠭᠤᠷᠢᠭ ᠤᠨ ᠵᠠᠰᠠᠭ ᠤᠨ ᠣᠷᠳᠤᠨ 2021 ᠣᠨ ᠤ 13 ᠳ᠋ᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠪᠠ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2021/12/28
        12 ᠰᠠᠷ᠎ᠠ ᠶᠢᠨ 16 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠤᠷᠤᠯᠠᠭᠴᠢ ᠳᠠᠷᠤᠭ᠎ᠠ ᠵᠣᠣ ᠯᠠᠨ ᠭᠤᠸᠠᠩ ᠬᠤᠩᠱᠠᠨ ᠲᠤᠭᠤᠷᠢᠭ ᠤᠨ ᠵᠠᠰᠠᠭ ᠤᠨ ᠣᠷᠳᠤᠨ 2021 ᠣᠨ ᠤ 13 ᠳ᠋ᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠪᠠ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠪᠠ᠃        ᠲᠤᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠬᠤᠩᠱᠠᠨ ᠲᠣᠭᠤᠷᠢᠭ ᠤᠨ ᠨᠠᠰᠤᠲᠠᠳ ᠤᠨ ᠠᠵᠢᠯᠯᠠᠭᠠᠨ ᠤ ᠲᠦᠪ ᠢ ᠵᠢᠶᠦ᠋ᠨ ᠰᠣᠣ ᠨᠡᠶᠢᠭᠡᠮ ᠲᠣᠭᠤᠷᠢᠭ ᠤᠨ ᠬᠠᠮᠢᠶᠠᠷᠤᠯᠲᠠ  ᠳᠤ ᠣᠷᠤᠭᠤᠯᠬᠤ ᠬᠠᠮᠢᠶ᠎ᠠ ᠪᠦᠬᠦᠢ ᠤᠴᠢᠷ ᠢ ᠰᠤᠳᠤᠯᠪᠠ᠃ ᠲᠤᠭᠤᠷᠢᠭ ᠤᠨ ᠵᠠᠰᠠᠭ ᠤᠨ ᠣᠷᠳᠤᠨ ᠤ ᠪᠠᠶᠢᠩᠭᠤ  ᠶᠢᠨ ᠬᠤᠷᠠᠯ 2022 ᠣᠨ ᠤ ᠠᠷᠠᠳ ᠤᠨ ᠠᠮᠢᠳᠤᠷᠠᠯ ᠤᠨ ᠪᠤᠳᠠᠲᠤ ᠤᠴᠢᠷ ᠤᠨ ᠲᠦᠷᠦᠯ ᠵᠦᠢᠯ ᠢ ᠬᠡᠷᠬᠢᠨ ᠨᠠᠶᠢᠳᠠᠪᠤᠷᠢᠵᠢᠭᠤᠯᠬᠤ ᠶᠢ ᠰᠤᠳᠤᠯᠤᠨ᠂ ︽ᠬᠤᠩᠱᠠᠨ ᠲᠣᠭᠤᠷᠢᠭ ᠤᠨ ᠵᠠᠰᠠᠭ ᠵᠠᠬᠢᠷᠭᠠᠨ ᠤ ᠵᠢᠯᠤᠭᠤᠳᠤᠯᠭ᠎ᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠨᠠᠶᠢᠳᠠᠪᠤᠷᠢᠵᠢᠭᠤᠯᠬᠤ ᠲᠥᠰᠦᠯ︾᠂ ︽ᠬᠤᠩᠱᠠᠨ ᠲᠤᠭᠤᠷᠢᠭ ᠤᠨ ᠤᠨᠳᠤᠤ ᠭᠠᠵᠠᠷ ᠬᠠᠤᠯᠢ ᠬᠡᠷᠡᠭᠵᠢᠭᠦᠯᠬᠦ ᠶᠢ ᠬᠠᠮᠵᠢᠨ ᠲᠤᠰᠠᠯᠠᠬᠤ ᠳᠦᠷᠢᠮ︾ ᠪᠠ ︽ᠬᠤᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠲᠤᠭᠲᠠᠴᠠ ᠶᠢᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠲᠦᠰᠦᠯ︾ ᠢ ᠬᠢᠨᠠᠨ ᠵᠦᠪᠯᠡᠵᠦ ᠪᠠᠲᠤᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号