ᠪᠥᠬᠦ ᠣᠷᠣᠨ ᠤ ︽2021 ᠣᠨ ᠳᠤ ᠰᠦᠯᠵᠢᠶ᠎ᠡ ᠶᠢ ᠴᠡᠪᠡᠷᠰᠢᠭᠦᠯᠦᠶ᠎ᠡ︾ ᠲᠤᠰᠬᠠᠶ ᠠᠵᠢᠯᠯᠠᠭ᠎ᠠ ᠪᠠᠷ ᠬᠠᠤᠯᠢ ᠵᠦᠷᠢᠴᠡᠭᠰᠡᠨ ᠶᠡᠯᠡᠲᠦ ᠬᠡᠷᠡᠭ ᠤᠨ 6998 ᠰᠡᠵᠢᠭᠳᠡᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2021/12/3
           ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ 11 ᠳ᠋ᠦ᠋ᠭᠡᠷ ᠰᠠᠷ᠎ᠠ ᠶᠢᠨ 26 ᠤ ᠡᠳᠦᠷ ᠬᠤᠷᠠᠯᠳᠤᠭᠤᠯᠤᠭᠰᠠᠨ ︽2021 ᠣᠨ ᠳᠤ ᠰᠦᠯᠵᠢᠶ᠎ᠡ ᠶᠢ ᠴᠡᠪᠡᠷᠰᠢᠭᠦᠯᠦᠶ᠎ᠡ︾ ᠲᠤᠰᠬᠠᠶ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽2021 ᠣᠨ ᠳᠤ ᠰᠦᠯᠵᠢᠶ᠎ᠡ ᠶᠢ ᠴᠡᠪᠡᠷᠰᠢᠭᠦᠯᠦᠶ᠎ᠡ︾ ᠲᠤᠰᠬᠠᠶ ᠠᠵᠢᠯᠯᠠᠭ᠎ᠠ ᠨᠢ ᠰᠦᠯᠵᠢᠶᠡᠨ ᠳᠤ ᠬᠤᠳᠠᠯ ᠬᠠᠭᠤᠷᠮᠠᠭ ᠮᠡᠳᠡᠭᠡ ᠰᠤᠷᠠᠭ ᠲᠠᠷᠬᠠᠭᠠᠬᠤ᠂ ᠠᠷᠠᠳ ᠢᠷᠭᠡᠨ ᠤ ᠬᠤᠪᠢ ᠶᠢᠨ ᠮᠡᠳᠡᠭᠡ ᠵᠠᠩᠭᠢ ᠳᠤ ᠬᠠᠯᠳᠠᠬᠤ᠂ ᠰᠢᠯᠭᠠᠯᠲᠠ ᠳᠤ ᠬᠡᠮ ᠬᠢᠬᠦ ᠶᠢ ᠵᠣᠬᠢᠶᠠᠨ ᠪᠠᠶᠢᠭᠤᠯᠬᠤ ᠵᠡᠷᠭᠡ ᠡᠯ᠎ᠡ ᠲᠥᠷᠥᠯ ᠤᠨ ᠰᠦᠯᠵᠢᠶᠡᠨ ᠤ ᠪᠦᠯᠦᠭᠲᠡᠳ ᠲᠤ ᠴᠣᠬᠢᠯᠲᠠ ᠥᠭᠬᠦ 9 ᠵᠦᠢᠯ ᠤᠨ ᠳᠠᠶᠢᠯᠠᠯᠳᠤᠭᠠᠨ ᠢ ᠥᠷᠨᠢᠭᠦᠯᠦᠭᠡᠳ᠂ ᠶᠡᠯᠠᠲᠤ ᠬᠡᠷᠡᠭ᠂ ᠬᠢᠯᠢ ᠠᠯᠤᠰᠯᠠᠵᠤ ᠰᠦᠯᠵᠢᠶᠡᠨ ᠳᠤ ᠵᠣᠭᠤᠰ ᠮᠥᠷᠦ᠋ᠢᠴᠡᠭᠰᠡᠨ 1048 ᠬᠡᠷᠡᠭ ᠢ ᠭᠤᠣᠯᠯᠠᠵᠤ ᠲᠠᠩᠨᠠᠨ ᠰᠢᠶ᠋ᠳᠪᠦᠷᠢᠯᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠲᠥᠷᠥᠯ ᠤᠨ 4733 ᠬᠡᠷᠡᠭ ᠢ ᠬᠠᠮᠵᠢᠯᠴᠠᠨ ᠲᠠᠩᠨᠠᠨ ᠰᠢᠶ᠋ᠳᠪᠦᠷᠢᠯᠡᠵᠦ᠂ ᠬᠠᠤᠯᠢ ᠵᠦᠷᠢᠴᠡᠭᠰᠡᠨ ᠶᠠᠯᠠᠲᠤ ᠬᠡᠷᠡᠭ ᠤᠨ 6998 ᠰᠡᠵᠢᠭᠳᠡᠨ ᠢ ᠪᠠᠷᠢᠪᠴᠢᠯᠠᠨ᠂ 31.6 ᠳ᠋ᠦᠩᠰᠢᠭᠤᠷ ᠣᠷᠴᠢᠮ ᠪᠠᠯᠠ ᠮᠥᠩᠭᠦ ᠳᠤ ᠬᠤᠯᠪᠤᠭᠳᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠪᠠᠶᠢᠴᠠᠭᠠᠨ ᠲᠣᠳᠤᠷᠠᠭᠤᠯᠵᠠᠢ᠃        ᠲᠤᠰᠬᠠᠶ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠣᠬᠢᠯᠲᠠ ᠥᠭᠬᠦ ᠵᠠᠮ ᠢ ᠨᠡᠭᠡᠭᠡᠵᠦ᠂ ︽2021 ᠣᠨ ᠳᠤ ᠰᠦᠯᠵᠢᠶ᠎ᠡ ᠶᠢ ᠴᠡᠪᠡᠷᠰᠢᠭᠦᠯᠦᠶ᠎ᠡ︾ ᠲᠤᠰᠬᠠᠶ ᠠᠵᠢᠯᠯᠠᠭ᠎ᠠ ᠶᠢ ᠶᠡᠭᠡ ᠪᠠᠷ ᠠᠭᠢᠭᠤᠯᠤᠭᠠᠳ ᠬᠠᠤᠯᠢ ᠠᠴᠠ ᠵᠥᠷᠢᠴᠡᠭᠰᠡᠨ ᠰᠦᠯᠵᠢᠶᠡᠨ ᠤ ᠶᠠᠯᠠᠲᠤ ᠠᠵᠢᠯᠯᠠᠭ᠎ᠠ ᠶᠢᠨ ᠠᠮᠢ ᠠᠬᠤᠶ ᠳᠤ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ᠰᠦᠯᠵᠢᠶᠡᠨ ᠤ ᠣᠷᠣᠨ ᠵᠠᠶ ᠶᠢᠨ ᠡᠮᠬᠢ ᠳᠢᠭᠯᠢᠮ ᠢ ᠴᠡᠭᠴᠡᠯᠡᠨ ᠵᠠᠰᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠬᠤᠷᠢᠭᠯᠠᠨ ᠵᠣᠭᠰᠣᠭᠠᠵᠤ᠂ ᠬᠠᠤᠯᠢ ᠠᠴᠠ ᠵᠥᠷᠢᠴᠡᠭᠰᠡᠨ ᠰᠦᠯᠵᠢᠶᠡᠨ ᠤ ᠰᠠᠮᠠᠭᠤᠨ ᠦᠵᠡᠭᠳᠡᠯ ᠤᠳ ᠢ ᠰᠡᠷᠭᠡᠶᠢᠯᠡᠨ ᠵᠠᠰᠠᠵᠤ᠂ ᠪᠥᠬᠦ ᠣᠷᠣᠨ ᠤ ᠰᠦᠯᠵᠢᠶᠡᠨ ᠤ ᠠᠮᠤᠷ ᠲᠦᠪᠰᠢᠨ ᠤ ᠣᠷᠴᠢᠨ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠣᠯᠠᠨ ᠤ ᠰᠦᠯᠵᠢᠶᠡᠨ ᠳᠤ ᠭᠠᠷᠬᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃        ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽2021 ᠣᠨ ᠳᠤ ᠰᠦᠯᠵᠢᠶ᠎ᠡ ᠶᠢ ᠴᠡᠪᠡᠷᠰᠢᠭᠦᠯᠦᠶ᠎ᠡ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠠᠴᠠ ᠵᠥᠷᠢᠴᠡᠭᠰᠡᠨ ᠰᠦᠯᠵᠢᠶᠡᠨ ᠤ ᠶᠠᠯᠠᠲᠤ ᠠᠵᠢᠯᠯᠠᠭ᠎ᠠ ᠣᠯᠠᠨ ᠡᠭᠦᠰᠬᠦ᠂ ᠪᠠᠶᠢᠨ ᠳᠠᠬᠢᠨ ᠡᠭᠦᠰᠬᠦ ᠭᠦᠨ ᠳᠠᠪᠬᠤᠷᠭ᠎ᠠ ᠶᠢᠨ ᠰᠢᠯᠲᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠴᠣᠬᠢᠯᠲᠠ ᠥᠭᠬᠦ ᠠᠷᠭ᠎ᠠ ᠪᠣᠳᠣᠯᠭ᠎ᠠ᠂ ᠴᠣᠬᠢᠯᠲᠠ ᠥᠭᠬᠦ ᠠᠷᠭ᠎ᠠ ᠪᠠᠷᠢᠯ᠂ ᠬᠠᠤᠯᠢ ᠴᠠᠭᠠᠵᠠ ᠶᠢᠨ ᠬᠡᠷᠡᠭᠯᠡᠯᠲᠡ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠤᠳᠤᠯᠵᠤ᠂ ᠬᠠᠤᠯᠢ ᠠᠴᠠ ᠵᠥᠷᠢᠴᠡᠭᠰᠡᠨ ᠰᠦᠯᠵᠢᠶᠡᠨ ᠤ ᠶᠠᠯᠠᠲᠤ ᠠᠵᠢᠯᠯᠠᠭ᠎ᠠ ᠶᠢᠨ ᠠᠮᠢ ᠠᠬᠤᠶ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠣᠨᠣᠪᠴᠢᠲᠠᠶ ᠴᠣᠬᠢᠯᠲᠠ ᠥᠭᠴᠦ᠂ ᠬᠠᠤᠯᠢ ᠠᠴᠠ ᠵᠥᠷᠢᠴᠡᠭᠰᠡᠨ ᠰᠦᠯᠵᠢᠶᠡᠨ ᠤ ᠬᠡᠮᠲᠦ ᠬᠡᠷᠡᠭ ᠪᠠ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠲᠦᠢᠯᠪᠤᠷᠢᠲᠠᠶ ᠴᠡᠪᠡᠷᠯᠡᠨ ᠠᠷᠢᠯᠭᠠᠨ᠎ᠠ᠃ ᠡᠭᠦᠨ ᠤ ᠬᠠᠮᠲᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ︾ ᠠᠵᠢᠯ ᠤᠨ ᠵᠠᠭᠪᠤᠷ ᠢ ᠤᠯᠠᠮ ᠨᠢᠭᠡ ᠠᠯᠬᠤᠮ ᠪᠦᠷᠢᠨᠰᠢᠭᠦᠯᠵᠦ᠂ ︽ᠨᠢᠭᠡ ᠬᠡᠷᠡᠭ ᠢ ᠬᠤᠶᠠᠷ ᠲᠠᠯ᠎ᠠ ᠠᠴᠠ ᠪᠠᠶᠢᠴᠠᠭᠠᠬᠤ︾ ᠲᠦᠷᠢᠮ ᠢ ᠭᠦᠨᠵᠡᠭᠡᠶ ᠠᠬᠢᠭᠤᠯᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠠᠤᠯᠢ ᠠᠴᠠ ᠵᠥᠷᠢᠴᠡᠭᠰᠡᠨ ᠰᠦᠯᠵᠢᠶᠡᠨ ᠤ ᠶᠠᠯᠠᠲᠤ ᠠᠵᠢᠯᠯᠠᠭ᠎ᠠ ᠡᠭᠦᠰᠬᠦ ᠣᠷᠣᠨ ᠵᠠᠶ ᠶᠢ ᠶᠡᠭᠡ ᠪᠠᠷ ᠪᠠᠭᠠᠰᠬᠠᠵᠤ᠂ ᠰᠦᠯᠵᠢᠶᠡᠨ ᠤ ᠠᠮᠢ ᠠᠬᠤᠶ ᠶᠢᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠦᠯᠵᠢᠶᠡᠨ ᠤ ᠨᠡᠶᠢᠭᠡᠮ ᠢ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠳᠤ ᠪᠠᠨ ᠬᠦᠷᠲᠡᠬᠦ ᠲᠣᠭᠲᠠᠯᠴᠠᠭ᠎ᠠ ᠶᠢ ᠪᠦᠷᠢᠨᠰᠢᠭᠦᠯᠬᠦ ᠶᠢ ᠢᠳᠡᠪᠬᠢᠲᠡᠶ ᠠᠬᠢᠭᠤᠯᠵᠤ᠂ ᠠᠷᠠᠳ ᠣᠯᠠᠨ ᠳᠤ ᠨᠠᠩ ᠰᠠᠶᠢᠨ ᠰᠠᠶᠢᠬᠠᠨ ᠰᠦᠯᠵᠢᠶᠡᠨ ᠤ ᠠᠮᠢ ᠠᠬᠤᠶ ᠶᠢᠨ ᠣᠷᠴᠢᠨ ᠢ ᠡᠭᠦᠳᠴᠦ ᠥᠭᠬᠦ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号