ᠬᠠᠭᠤᠷᠮᠠᠭ ᠰᠦᠯᠵᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠥᠭᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2021/12/3
               ᠣᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠥᠯᠦᠭᠡ ᠮᠠᠭᠤᠲᠠᠢ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠤᠯᠠᠳᠠ ᠳᠠᠷᠠᠭᠠᠬᠢ ᠵᠦᠢᠯᠡᠰ ᠢ ᠰᠠᠨᠠᠭᠤᠯᠤᠶ᠎ᠠ᠄        ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠴᠣᠷ ᠤᠨ ᠭᠠᠭᠴᠠ ᠬᠠᠤᠯᠢ ᠶᠣᠰᠣᠨ ᠤ ᠰᠦᠯᠵᠢᠶᠡᠨ ᠬᠠᠶ᠋ᠢᠭ ᠪᠣᠯ https᠄ //www.nmg.gov.cn/ ᠪᠣᠯᠤᠨ᠎ᠠ᠂ ᠬᠡᠷᠡᠭᠯᠡᠭᠴᠢ ᠬᠤᠶᠠᠷ ᠬᠡᠮᠵᠢᠯᠳᠦ ᠺᠣᠳ᠋᠂ ᠬᠡᠲᠦ ᠴᠥᠷᠬᠡ ᠵᠡᠷᠭᠡ ᠲᠠᠨᠢᠯ ᠪᠤᠰᠤ ᠢᠷᠡᠯᠲᠡ ᠪᠠᠷ ᠰᠦᠯᠵᠢᠶᠡᠨ ᠳᠤ ᠣᠷᠣᠬᠤ ᠳᠤ ᠪᠠᠨ ᠵᠠᠪᠠᠯ ᠰᠦᠯᠵᠢᠶᠡᠨ ᠤ ᠨᠡᠷ᠎ᠡ ᠶᠢ ᠲᠠᠨᠢᠵᠤ᠂ ᠢᠯᠭᠠᠨ ᠳᠣᠲᠣᠯᠠᠬᠤ ᠶᠢ ᠠᠩᠬᠠᠷᠴᠤ ᠂ ᠮᠡᠬᠡᠯᠡᠭᠳᠡᠬᠦ ᠠᠴᠠ ᠪᠣᠯᠭᠤᠮᠵᠢᠯᠠᠬᠤ ᠬᠡᠷᠡᠭᠲᠡᠶ᠃        ᠬᠤᠶᠠᠷ᠂ ᠰᠦᠯᠵᠢᠶ᠎ᠡ ᠶᠢᠨ ᠰᠡᠭᠦᠯ ᠤᠨ ᠬᠡᠰᠡᠭ ᠳᠠᠬᠢ ᠰᠦᠯᠵᠢᠶ᠎ᠡ ᠶᠢᠨ ᠪᠦᠷᠢᠳᠬᠡᠨ ᠳᠠᠩᠰᠠᠯᠠᠭᠤᠯᠤᠭᠰᠠᠨ ᠨᠣᠮᠧᠷ ᠵᠢᠴᠢ ᠴᠥᠷᠬᠡᠯᠡᠭᠡ ᠪᠠᠷ ᠳᠠᠮᠵᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠤᠨ ᠰᠦᠯᠵᠢᠶᠡᠨ ᠳᠤ ᠣᠷᠤᠭᠠᠳ ᠭᠤᠤᠯᠯᠠᠨ ᠡᠷᠬᠢᠯᠡᠭᠰᠡᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠤᠨ᠎ᠠ᠃        ᠭᠤᠷᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠲᠡᠯᠡᠭᠰᠡᠨ ᠪᠦᠬᠦ᠋ᠢᠯᠡ ᠮᠡᠳᠡᠭᠡ ᠵᠠᠩᠭᠢ ᠠᠴᠠ ᠶᠠᠮᠠᠷ ᠴᠤ ᠰᠦᠢᠳᠬᠡᠯ ᠬᠤᠷᠢᠶᠠᠬᠤ ᠦᠭᠡᠶ᠂ ᠬᠡᠷᠪᠡ ᠲᠤᠰ ᠰᠦᠯᠵᠢᠶᠡᠨ ᠤ ᠨᠡᠷ᠎ᠡ ᠪᠠᠷ ᠰᠦᠢᠳᠬᠡᠯ ᠬᠤᠷᠢᠶᠠᠵᠤ ᠪᠤᠢ ᠪᠠᠶᠢᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠪᠣᠯᠪᠠᠤ᠃                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                  2021 ᠣᠨ ᠤ 11 ᠳ᠋ᠦ᠋ᠭᠡᠷ ᠰᠠᠷ᠎ᠠ ᠶᠢᠨ 10 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号