ᠬᠤᠸᠠᠩ ᡁᠢ ᠴᠢᠶᠠᠩ ᠮᠠᠨᠵᠤᠤᠷ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠤ ᠪᠠᠨ ᠰᠡᠷᠭᠡᠶᠢᠯᠡᠨ ᠬᠤᠷᠢᠭᠯᠠᠬᠤ ᠠᠵᠢᠯ ᠤᠨ ᠠᠯᠳᠠᠰᠢ ᠭᠠᠷᠬᠤ ᠶᠢ ᠲᠦᠷᠭᠡᠨ ᠴᠢᠩᠭ᠎ᠠ ᠪᠥᠭᠡᠳ ᠪᠣᠳᠠᠲᠠᠶ ᠪᠠᠷ ᠬᠤᠷᠢᠭᠯᠠᠵᠤ ᠬᠢᠵᠢᠭ ᠲᠠᠷᠬᠠᠬᠤ ᠶᠢ ᠪᠦᠬᠦ ᠬᠦᠴᠦ ᠪᠠᠷ ᠢᠶᠠᠨ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/12/3
       12 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨᠵᠤᠤᠷ ᠬᠤᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠲᠤᠬᠠᠶ ᠶᠢᠨ ᠲᠠᠯᠠᠪᠤᠷ ᠲᠤ ᠨᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠪᠠᠶᠢᠭᠠᠳ ᠰᠡᠷᠭᠡᠶᠢᠯᠡᠨ ᠬᠤᠷᠢᠭᠯᠠᠬᠤ ᠠᠵᠢᠯ ᠤᠨ ᠠᠯᠳᠠᠰᠢ ᠭᠠᠷᠬᠤ ᠶᠢ ᠲᠦᠷᠭᠡᠨ᠂ ᠴᠢᠩᠭ᠎ᠠ ᠪᠥᠭᠡᠳ ᠪᠣᠳᠠᠲᠠᠶ ᠪᠠᠷ ᠬᠤᠷᠢᠭᠯᠠᠵᠤ᠂ ᠬᠢᠵᠢᠭ ᠲᠠᠷᠬᠠᠬᠤ ᠶᠢ ᠪᠦᠬᠦ ᠬᠦᠴᠦ ᠪᠠᠷ ᠢᠶᠠᠨ ᠬᠤᠷᠢᠭᠯᠠᠬᠤ ᠬᠡᠷᠡᠭᠲᠡᠶ ᠭᠡᠵᠡᠶ᠃        12 ᠳ᠋ᠤᠭᠠᠷ ᠰᠠᠷ᠎ᠠ ᠶᠢᠨ 1 ᠤ ᠤᠷᠤᠢ᠂ ᠬᠤᠸᠠᠩ ᡁᠢ ᠴᠢᠶᠠᠩ ᠮᠠᠨᠵᠤᠤᠷ ᠬᠤᠳᠠ ᠳᠤ ᠬᠦᠷᠦᠭᠰᠡᠨ ᠤ ᠲᠠᠷᠠᠭ᠎ᠠ᠂ ᠲᠡᠷᠡ ᠳᠠᠷᠤᠢ ᠳᠤ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ ᠲᠡᠷᠡ ᠴᠢᠬᠤᠯᠠᠴᠢᠯᠠᠭᠰᠠᠨ ᠨᠢ᠂ ᠶᠡᠭᠡ ᠲᠠᠯ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ ᠃ 12 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠠᠬᠤᠯ ᠡᠪᠡᠳᠴᠢᠨ ᠢ ᠪᠠᠶᠢᠴᠠᠭᠠᠨ ᠵᠢᠯᠣᠭᠤᠳᠬᠤ ᠲᠥᠪ᠂ ᠬᠤᠸᠠ ᠺᠠᠶ ᠬᠤᠷᠢᠶᠠᠯᠠᠯ ᠤᠨ ᠲᠥᠪᠯᠡᠷᠡᠭᠦᠯᠦᠨ ᠲᠤᠰᠠᠭᠠᠷᠯᠠᠬᠤ ᠴᠡᠭ᠂ ᠳᠥᠷᠪᠡᠯᠵᠢᠨ ᠥᠷᠥᠭᠡ ᠶᠢᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠵᠡᠷᠭᠡ ᠶᠢ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠪᠸᠢ ᠳᠦᠨ ᠲᠣᠰᠬᠤᠨ ᠤ ᠫᠢᠩ ᠹᠠᠩ ᠬᠤᠷᠢᠶᠠᠯᠠᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠰᠢᠷᠠᠮ ᠢᠶᠠᠷ ᠪᠠᠶᠢᠴᠠᠭᠠᠪᠠ᠃ ᠬᠤᠸᠠᠩ ᡁᠢ ᠴᠢᠶᠠᠩ ᠨᠡᠶᠢᠭᠡᠮ ᠲᠣᠭᠤᠷᠢᠭ ᠤᠨ ᠬᠠᠮᠢᠶᠠᠷᠤᠨ ᠬᠤᠷᠢᠭᠯᠠᠬᠤ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ᠂ ᠲᠥᠪᠯᠡᠷᠡᠭᠦᠯᠦᠨ ᠲᠤᠰᠠᠭᠠᠷᠯᠠᠬᠤ᠂ ᠲᠠᠬᠤᠯ ᠡᠪᠡᠳᠴᠢᠨ ᠢ ᠵᠢᠭᠰᠠᠭᠠᠨ ᠪᠠᠶᠢᠴᠠᠭᠠᠬᠤ᠂ ᠡᠪᠡᠳᠴᠢᠲᠡᠨ ᠢ ᠠᠪᠤᠷᠠᠨ ᠡᠮᠨᠡᠬᠦ᠂ ᠡᠳ᠋ ᠪᠣᠳᠠᠰ ᠢ ᠪᠠᠲᠤᠯᠠᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠨᠡᠶᠢᠭᠡᠮ ᠲᠣᠭᠤᠷᠢᠭ ᠤᠨ ᠺᠠᠳ᠋ᠷ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠰᠣᠨᠢᠨ ᠮᠡᠳᠡᠭᠡᠨ ᠤ ᠠᠵᠢᠯᠲᠠᠨ ᠵᠡᠷᠭᠡ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠬᠢᠵᠢᠭ ᠲᠠᠷᠬᠠᠬᠤ ᠶᠢ ᠡᠷᠡᠰ ᠰᠡᠷᠭᠡᠶᠢᠯᠡᠬᠦ ᠪᠣᠯ ᠴᠢᠬᠤᠯᠠ ᠠᠴᠠ ᠴᠢᠬᠤᠯᠠ᠂ ᠪᠠᠴᠢᠮ ᠠᠴᠠ ᠪᠠᠴᠢᠮ ᠶᠠᠪᠤᠳᠠᠯ ᠮᠥᠨ᠂ ᠡᠷᠬᠡᠪᠰᠢ ︽ᠲᠦᠷᠭᠡᠨ︾ ᠳᠤ ᠰᠠᠭᠤᠷᠢᠯᠠᠵᠤ᠂ ᠬᠠᠮᠤᠭ ᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠴᠠᠭ ᠮᠥᠴᠡ ᠶᠢ ᠠᠯᠳᠠᠯ ᠦᠭᠡᠶ ᠪᠠᠷ ᠠᠵᠢᠯ ᠢᠶᠠᠨ ᠥᠷᠨᠢᠭᠦᠯᠬᠦ ᠬᠡᠷᠡᠭᠲᠡᠶ ᠭᠡᠵᠡᠢ᠃ ᠲᠡᠷᠡ ᠴᠢᠬᠤᠯᠠᠴᠢᠯᠠᠭᠰᠠᠨ ᠨᠢ᠂ ᠰᠡᠷᠭᠡᠶᠢᠯᠡᠨ ᠬᠤᠷᠢᠭᠯᠠᠬᠤ ᠠᠵᠢᠯ ᠤᠨ ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ᠂ ᠡᠭᠦᠨ ᠤ ᠵᠠᠩᠭᠢᠯᠠᠭ᠎ᠠ ᠨᠢ ᠰᠢᠨᠵᠢᠯᠡᠬᠦ ᠤᠬᠠᠭᠠᠨᠴᠢ ᠪᠥᠭᠡᠳ ᠪᠣᠳᠠᠲᠠᠶ ᠶᠢ ᠡᠷᠬᠢᠮᠯᠡᠬᠦ ᠣᠪᠣᠷ ᠪᠠ ᠡᠷᠡᠰ ᠰᠢᠭᠤᠷᠬᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠢᠵᠢᠭ ᠲᠠᠷᠬᠠᠬᠤ ᠠᠷᠭ᠎ᠠ ᠵᠠᠮ ᠢ ᠲᠡᠰᠦᠯᠵᠦ᠂ ᠰᠡᠷᠭᠡᠶᠢᠯᠡᠨ ᠬᠤᠷᠢᠭᠯᠠᠬᠤ ᠠᠵᠢᠯ ᠤᠨ ᠠᠯᠳᠠᠰᠢ ᠭᠠᠷᠬᠤ ᠶᠢ ᠬᠤᠷᠢᠭᠯᠠᠬᠤ ᠶᠠᠪᠤᠳᠠᠯ ᠪᠣᠯᠤᠨ᠎ᠠ᠃ ᠴᠤᠪᠤᠷᠠᠯ ᠢ ᠰᠢᠯᠢᠳᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ᠃ ᠴᠢᠩᠭ᠎ᠠ ᠬᠠᠮᠢᠶᠠᠷᠤᠨ ᠬᠤᠷᠢᠭᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠤᠰᠠᠭᠠᠷᠯᠠᠬᠤ ᠲᠠᠯᠠᠪᠤᠷ ᠭᠠᠵᠠᠷ ᠪᠠ ᠲᠤᠰᠠᠭᠠᠷᠯᠠᠬᠤ ᠥᠷᠥᠭᠡ ᠶᠢ ᠨᠡᠮᠡᠭᠳᠡᠭᠦᠯᠵᠦ᠂ ᠡᠷᠬᠡᠪᠰᠢ ᠨᠢᠭᠲᠠ ᠣᠶᠢᠷᠠᠲᠤᠭᠰᠠᠳ ᠢ ᠰᠢᠯᠵᠢᠭᠦᠯᠬᠦ ᠪᠠ ᠲᠥᠪᠯᠡᠷᠡᠭᠦᠯᠦᠨ ᠲᠤᠰᠠᠭᠠᠷᠯᠠᠬᠤ ᠶᠢ ᠲᠣᠭᠲᠠᠭᠰᠠᠨ ᠴᠠᠭ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ ᠬᠠᠮᠢᠶᠠᠷᠤᠯᠲᠠ ᠪᠠᠨ ᠵᠢᠷᠤᠮᠵᠢᠭᠤᠯᠵᠤ ᠂ ᠲᠥᠪᠯᠡᠷᠡᠭᠦᠯᠦᠨ ᠲᠤᠰᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠬᠢᠵᠦ᠂ ᠳᠣᠲᠣᠭᠠᠳᠤ ᠶᠢᠨ ᠰᠡᠷᠭᠡᠶᠢᠯᠡᠯᠲᠡ ᠪᠠᠨ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠬᠡᠷᠡᠭᠴᠡᠭᠡ ᠶᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠬᠤᠷᠳᠤᠴᠠ ᠲᠠᠢ᠂ ᠡᠷᠴᠢᠮ ᠲᠠᠢ᠂ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号