ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 85 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠭᠡᠭᠰᠡᠨ︶ ᠬᠤᠷᠠᠯ ᠬᠤᠷᠠᠯᠳᠤᠭᠤᠯᠵᠦ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/3
            12 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 85 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠭᠡᠭᠰᠡᠨ︶ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠨᠠᠰᠤᠨᠮᠦ᠋ᠡᠭᠭᠡ᠂ ᠯᠢᠨ ᠱᠤᠤ ᠴᠦᠨ᠂ ᠸᠠᠩ ᠪᠥᠸᠧ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠱᠢ ᠸᠧᠨ ᠰᠢᠤᠸᠠᠢ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠯᠢ ᠷᠦᠡᠭ ᠰᠢ ᠬᠤᠷᠠᠯ ᠳᠤ ᠰᠤᠯᠠ ᠣᠷᠣᠯᠴᠠᠵᠠᠶ᠃        ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠣᠷᠣᠨ ᠳᠠᠶᠠᠭᠠᠷ ᠤᠨ ᠴᠢᠬᠤᠯᠠ ᠡᠭᠦᠷᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠦ ᠠᠬᠢᠭᠤᠯᠤᠨ᠂ ᠡᠯ᠎ᠡ ᠵᠦᠶ᠋ᠯ ᠤᠨ ᠠᠵᠢᠯ ᠢ ᠴᠢᠨᠠᠷ ᠰᠠᠶᠢᠲᠠᠶ ᠲᠥᠯᠥᠪᠵᠢᠭᠦᠯᠦᠨ ᠥᠷᠨᠢᠭᠦᠯᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ᠂ ᠡᠭᠦᠷᠭᠡ᠂ ᠱᠠᠭᠠᠷᠳᠠᠯᠭ᠎ᠠ ᠵᠢᠴᠢ ᠲᠡᠬᠦᠨ ᠤ ᠴᠠᠭᠠᠨᠠᠬᠢ ᠪᠣᠳᠣᠯᠬᠢᠯᠠᠯ ᠢ ᠲᠣᠳᠣᠷᠬᠠᠶ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ ᠪᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠡᠭᠡᠷ᠎ᠠ ᠦᠨᠡᠨ ᠬᠦ ᠨᠢᠭᠡᠳᠭᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠳᠡᠭᠡᠳᠦ ᠬᠡᠮᠵᠢᠶᠠᠨ ᠤ ᠤᠬᠠᠮᠰᠠᠷ ᠢᠶᠠᠷ ᠰᠠᠶᠢᠲᠤᠷ ᠠᠳᠬᠤᠬᠤ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠶᠢ ᠦᠨᠡᠨ ᠬᠦ ᠲᠣᠳᠣᠷᠬᠠᠢ ᠲᠠᠨᠢᠭᠤᠯᠵᠤ᠂ ᠡᠷᠡᠰ ᠡᠭᠦᠷᠭᠡᠯᠡᠭᠦᠯᠵᠦ᠂ ᠨᠡᠩ ᠤᠬᠠᠮᠰᠠᠷ ᠠᠴᠠ ᠪᠠᠨ ᠶᠡᠭᠡ ᠲᠠᠯ᠎ᠠ ᠠᠴᠠ ᠪᠣᠳᠣᠯᠬᠢᠯᠠᠨ ᠬᠥᠳᠡᠯᠦᠯᠴᠡᠵᠦ᠂ ᠰᠢᠨ᠎ᠡ ᠠᠶᠠᠨ ᠳᠠᠭᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠢᠳᠡᠯᠢᠭ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠱᠢ ᠲᠠᠢ ᠹᠧᠩ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠢᠷᠤᠭᠯᠠᠭᠰᠠᠨ ᠰᠠᠶᠢᠨ ᠰᠠᠶᠢᠬᠠᠨ ᠵᠢᠷᠤᠭ ᠲᠥᠰᠦᠪ ᠢ ᠪᠡᠶᠡᠯᠡᠭᠦᠯᠬᠦ ᠳᠤ ᠣᠷᠣᠨ ᠳᠠᠶᠠᠭᠠᠷ ᠢᠶᠠᠨ ᠬᠠᠮᠲᠤ ᠪᠠᠷ ᠴᠢᠷᠮᠠᠶᠢᠨ ᠲᠡᠮᠡᠴᠡᠬᠦ ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠲᠤᠰ ᠪᠡᠶ᠎ᠡ ᠶᠢᠨ ᠡᠭᠦᠷᠭᠡ ᠴᠢᠳᠠᠮᠵᠢ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ᠂ ᠰᠤᠳᠤᠯᠤᠨ ᠲᠥᠯᠥᠪᠵᠢᠭᠦᠯᠬᠦ ᠪᠠᠨ ᠴᠢᠩᠭᠠᠳᠬᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠭᠦᠨᠵᠡᠭᠡᠢ ᠰᠡᠳᠭᠢᠨ ᠪᠣᠳᠣᠯᠬᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯ ᠪᠣᠯᠤᠨ ᠶᠡᠭᠡ ᠲᠠᠯ᠎ᠠ ᠳᠤ ᠦᠢᠯᠡᠴᠢᠯᠡᠬᠦ ᠶᠢᠨ ᠭᠠᠷᠳᠠᠬᠤ ᠴᠡᠭ᠂ ᠬᠦᠴᠦᠯᠡᠬᠦ ᠴᠡᠭ ᠢ ᠦᠨᠡᠨ ᠬᠦ ᠣᠨᠣᠪᠴᠢᠲᠠᠢ ᠣᠯᠵᠤ᠂ ᠴᠢᠭᠯᠡᠬᠦᠯᠥᠯᠲᠤ ᠴᠢᠨᠠᠷᠲᠠᠢ ᠪᠠᠷ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠲᠣᠭᠤᠷᠢᠨ ᠳᠤ ᠬᠠᠤᠯᠢ ᠲᠣᠭᠲᠠᠭᠠᠬᠤ ᠠᠵᠢᠯ ᠢ ᠰᠠᠶᠢᠲᠤᠷ ᠬᠢᠵᠦ᠂ ᠬᠠᠤᠯᠢ ᠲᠣᠭᠲᠠᠭᠠᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠶᠢᠨ ᠬᠡᠷᠡᠭᠵᠢᠭᠦᠯᠤᠯᠳᠠ ᠳᠤ ᠦᠵᠡᠭᠦᠯᠬᠦ ᠬᠦᠳᠦᠯᠦᠨ ᠳᠠᠭᠠᠭᠤᠯᠬᠤ ᠪᠠ ᠠᠬᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠤᠨ ᠲᠣᠭᠤᠷᠢᠨ ᠳᠤ ᠴᠠᠭ ᠲᠤᠬᠠᠢ ᠳᠤᠨᠢ ᠰᠢᠢᠳᠪᠦᠷᠢ᠂ ᠲᠣᠭᠲᠠᠭᠠᠯ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠠᠢ ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠢᠷᠡᠬᠦ ᠵᠢᠯ ᠪᠣᠯᠤᠨ ᠬᠤᠶᠢᠰᠢᠳᠠ ᠶᠢᠨ ᠬᠡᠰᠡᠭ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠥᠯᠥᠪᠵᠢᠭᠦᠯᠬᠦ ᠲᠠᠢ ᠤᠶᠠᠯᠳᠤᠭᠤᠯᠤᠨ᠂ ᠬᠠᠷᠠᠯᠲᠠ ᠪᠠᠨ ᠴᠢᠨᠠᠭᠰᠢᠳᠠ ᠲᠣᠳᠣᠷᠬᠠᠶᠢᠯᠠᠵᠤ᠂ ᠡᠭᠦᠷᠭᠡ ᠪᠠᠨ ᠴᠢᠨᠠᠭᠰᠢᠳᠠ ᠨᠠᠷᠢᠯᠢᠬᠵᠢᠭᠤᠯᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠯ᠎ᠡ ᠵᠦᠶ᠋ᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠷᠴᠢᠮᠲᠡᠶ ᠠᠬᠢᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠨᠠᠬᠰᠢᠳᠠ ᠴᠢᠩᠭᠠᠳᠬᠠᠨ ᠰᠠᠶᠢᠵᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠲᠡᠭᠦᠯᠳᠡᠷᠵᠢᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号