| | 12 ᠳ᠋ᠤᠭᠠᠷ ᠰᠠᠷ᠎ᠠ ᠶᠢᠨ 2 ᠤᠨ ᠡᠳᠦᠷ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ | ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ | ᠲᠡᠷᠢᠭᠦᠯᠡᠭᠴᠢ ᠵᠠᠩ ᠱᠣᠤ ᠴᠦᠨ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ | ᠲᠣᠪᠴᠢᠶ᠎ᠠ ᠶᠢᠨ ᠳᠡᠳ᠋ ᠳᠠᠷᠤᠭ᠎ᠠ ᠵᠧᠤ ᠳ᠋ᠧ ᠴᠠᠩ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ᠥᠪᠥᠷ | ᠮᠣᠩᠭᠤᠯ ᠤᠨ ᠲᠣᠪᠴᠢᠶ᠎ᠠ ᠶᠢᠨ ᠫᠠᠶᠢᠰᠠ ᠶᠢ ᠰᠡᠬᠦᠪᠡ᠃ | ᠲᠣᠰ ᠤᠳᠠᠭᠠᠨ ᠤ ᠠᠭᠤᠷᠬᠠᠶ ᠶᠢᠨ ᠠᠮᠤᠷ ᠲᠦᠪᠰᠢᠨ ᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ | ᠪᠠᠶᠢᠭᠤᠯᠤᠯ ᠤᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠭᠤᠷᠬᠠᠶ ᠶᠢᠨ ᠠᠶᠤᠯ ᠦᠭᠡᠢ ᠠᠵᠢᠯ ᠢ ᠠᠬᠢᠭᠤᠯᠬᠤ ᠨᠢᠭᠡᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠤᠯᠤᠰ ᠤᠨ | ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ | ᠭᠤᠣᠯᠳᠠᠭᠤ ᠬᠠᠷᠢᠶ᠎ᠠ ᠣᠷᠣᠨ ᠤ ᠳᠣᠲᠣᠷᠠᠬᠢ ᠠᠭᠤᠷᠬᠠᠶ ᠶᠢᠨ ᠠᠮᠤᠷ ᠲᠦᠪᠰᠢᠨ ᠤ ᠤᠯᠤᠰ ᠤᠨ ᠬᠢᠨᠠᠨ ᠪᠠᠶᠢᠴᠠᠭᠠᠬᠤ | ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠳᠤ ᠬᠢᠨᠠᠯᠲᠠ ᠲᠠᠯᠪᠢᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ᠨᠡᠭᠦᠷᠡᠰᠦᠨ ᠠᠭᠤᠷᠬᠠᠶ ᠶᠢᠨ ᠠᠵᠤ | ᠠᠬᠤᠶᠢᠯᠠᠯ ᠳᠤ ᠬᠠᠤᠯᠢ ᠶᠣᠰᠣᠭᠠᠷ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠨ᠂ ᠠᠭᠤᠷᠬᠠᠶ ᠶᠢᠨ ᠡ᠊ᠨᠳᠡᠯ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠵᠤ᠂ ᠨᠡᠭᠦᠷᠡᠰᠦᠨ ᠠᠭᠤᠷᠬᠠᠶ ᠪᠠ | ᠨᠡᠭᠦᠷᠡᠰᠦᠨ ᠤ ᠪᠤᠰᠤ ᠠᠭᠤᠷᠬᠠᠶ ᠶᠢᠨ ᠬᠦᠨᠳᠦ ᠶᠡᠭᠡ ᠵᠢᠴᠢ ᠲᠡᠭᠦᠨ ᠠᠴᠠ ᠳᠣᠷᠣᠭᠰᠢᠬᠢ ᠦᠢᠯᠡᠳᠪᠦᠷᠢᠯᠡᠯ ᠤᠨ ᠠᠶᠤᠯ | ᠥᠭᠡᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ | ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠲᠣᠪᠴᠢᠶ᠎ᠠ ᠶᠢᠨ ᠬᠠᠷᠢᠭᠤᠴᠠᠯᠭᠠᠲᠠᠨ | ᠢᠯᠡᠷᠬᠡᠶᠢᠯᠡᠭᠰᠡᠨ ᠨᠢ᠂ ᠲᠣᠰ ᠤᠳᠠᠭᠠᠨ ᠤ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠬᠦᠨᠳᠦ ᠶᠡᠭᠡ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠬᠤᠯᠠ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠵᠦ᠂ ᠠᠭᠤᠷᠬᠠᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠢ ᠡᠷᠡᠰ | ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ | ᠡᠭᠦᠷᠭᠡ ᠶᠢ ᠦᠨᠡᠨ ᠬᠦ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠢ ᠬᠢᠨᠠᠨ | ᠪᠠᠶᠢᠴᠠᠭᠠᠬᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠨ᠎ᠠ ᠭᠡᠵᠡᠶ᠃ |