ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ ᠸᠠᠩ ᠯᠢ ᠰᠢᠶᠠ ᠲᠠᠩᠭᠠᠷᠢᠭᠯᠠᠬᠤ ᠶᠢ ᠬᠢᠨᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/12/3
         12 ᠰᠠᠷ᠎ᠠ ᠶᠢᠨ 2 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠢᠶᠠᠯ ᠳᠤ ᠲᠣᠮᠢᠯᠠᠭᠰᠠᠨ ᠲᠦᠷᠦ ᠶᠢᠨ ᠠᠵᠢᠯᠳᠠᠨ ᠤ ᠬᠠᠮᠲᠤ ᠪᠠᠷ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠬᠤᠷᠠᠯ ᠤᠨ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠠᠩᠭᠠᠷᠢᠭᠯᠠᠬᠤ ᠶᠢ ᠬᠢᠨᠠᠭᠰᠠᠨ ᠪᠥᠭᠡᠳ ᠶᠠᠷᠢᠶ᠎ᠠ ᠲᠠᠯᠪᠢᠪᠠ᠃        ᠲᠠᠩᠭᠠᠷᠢᠭᠯᠠᠬᠤ ᠶᠣᠰᠣᠯᠠᠯ ᠤᠨ ᠠᠬᠤᠶ ᠲᠠᠯᠠᠪᠠᠶ ᠳᠤ ᠤᠯᠤᠰ ᠤᠨ ᠰᠦᠯᠳᠡ ᠶᠢ ᠥᠨᠳᠥᠷ ᠡᠯᠭᠦᠵᠦ᠂ ᠤᠯᠤᠰ ᠤᠨ ᠲᠤᠭ ᠲᠥᠪ ᠶᠡᠬᠡᠮᠰᠦᠭ ᠬᠠᠷᠠᠭᠳᠠᠨ᠎ᠠ᠂ ᠲᠠᠩᠭᠠᠷᠢᠭᠯᠠᠬᠤ ᠲᠠᠶᠢᠰᠠᠨ ᠳᠡᠭᠡᠷ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠲᠠᠯᠪᠢᠵᠠᠶ᠃ ᠦᠳᠡ ᠶᠢᠨ ᠡᠮᠦᠨᠡᠬᠢ 9 ᠴᠠᠭ ᠲᠤ ᠲᠠᠩᠭᠠᠷᠢᠭᠯᠠᠬᠤ ᠶᠣᠰᠣᠯᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠵᠠᠯᠭᠠᠭᠠᠳ᠂ ᠳᠠᠭᠠᠭᠤᠯᠤᠨ ᠲᠠᠩᠭᠠᠷᠢᠭᠯᠠᠭᠴᠢ ᠭᠠᠷ ᠢᠶᠠᠨ ᠦᠨᠳᠦᠰᠦᠨ ᠬᠠᠤᠯᠢ ᠲᠡᠭᠡᠷ᠎ᠠ ᠬᠢᠴᠢᠶᠡᠩᠭᠦ᠋ᠢᠯᠡᠨ ᠲᠠᠯᠪᠢᠵᠦ᠂ ᠲᠠᠩᠭᠠᠷᠢᠭ ᠤᠨ ᠦᠭᠡ ᠶᠢ ᠳᠠᠭᠠᠭᠤᠯᠤᠨ ᠤᠩᠰᠢᠵᠤ᠂ ᠪᠤᠰᠤᠳ ᠲᠠᠩᠭᠠᠷᠢᠭᠯᠠᠭᠴᠢ ᠲᠠᠩᠭᠠᠷᠢᠭ ᠤᠨ ᠦᠭᠡ ᠶᠢ ᠲᠠᠭᠠᠨ ᠤᠩᠰᠢᠪᠠ᠃        ᠸᠠᠩ ᠯᠢ ᠰᠢᠶᠠ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠪᠠᠲᠤ ᠴᠢᠩᠭ᠎ᠠ ᠲᠠᠩᠭᠠᠷᠢᠭ ᠤᠨ ᠦᠬᠡ ᠶᠢ ᠰᠡᠳᠭᠢᠯ ᠵᠢᠷᠦᠬᠡᠨ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠪᠠᠷ ᠢᠶᠠᠨ ᠦᠢᠯᠡᠳᠦᠯᠬᠡᠵᠢᠬᠦᠯᠵᠥ᠂ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢ ᠵᠢᠷᠤᠮᠯᠠᠵᠤ᠂ ᠦᠨᠳᠦᠰᠦᠨ ᠬᠠᠤᠯᠢ ᠶᠢ ᠬᠠᠮᠠᠭᠠᠯᠠᠵᠤ᠂ ᠨᠠᠮ ᠤᠨ ᠬᠦᠨᠳᠦ ᠨᠠᠶᠢᠳᠠᠯᠭ᠎ᠠ᠂ ᠠᠷᠠᠳ ᠲᠦ᠋ᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠪᠠ᠃ ᠲᠡᠷᠡ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠬᠠᠤᠯᠢᠵᠢᠯ ᠢ ᠬᠢᠴᠢᠶᠡᠩᠭᠦ᠋ᠢᠯᠡᠨ ᠵᠢᠷᠤᠮᠯᠠᠵᠤ ᠂ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠱᠠᠭᠠᠷᠳᠠᠯᠭ᠎ᠠ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠢ᠃ ᠣᠭ ᠰᠠᠨᠠᠭ᠎ᠠ ᠪᠠᠨ ᠥᠯᠥ ᠮᠠᠷᠲᠠᠵᠤ᠂ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠣᠯᠠᠨ ᠲᠦᠮᠡᠨ ᠤ ︽ᠪᠠᠴᠢᠮᠳᠠᠵᠥ ᠲᠦᠪᠡᠭᠳᠡᠵᠥ ᠵᠤᠪᠠᠨᠢᠵᠥ ᠬᠦᠰᠠᠵᠥ︾ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠤᠯ ᠢ ᠡᠰᠡᠷᠭᠦᠴᠡᠬᠦ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠣᠯᠭᠤᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠢ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠦᠶ᠋ᠯᠡᠰ ᠲᠡᠭᠡᠨ ᠦᠨᠡᠨᠴᠢ ᠰᠢᠳᠤᠷᠭᠤ ᠪᠠᠶᠢᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠡᠷᠡᠰ ᠭᠤᠶᠢᠪᠢᠰᠢ ᠥᠬᠡᠶ ᠪᠥᠲᠥᠭᠡᠨ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠮᠰᠠᠷ ᠠᠴᠠ ᠪᠠᠨ ᠪᠣᠳᠠᠲᠠᠶ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠡᠷᠡᠰ ᠪᠣᠳᠠᠲᠠᠶᠢᠵᠢᠭᠤᠯᠬᠤ ᠬᠡᠷᠡᠭᠲᠡᠶ ᠃ ᠰᠠᠬᠢᠯᠭ᠎ᠠ ᠪᠠᠲᠤ ᠶᠢ ᠰᠠᠬᠢᠵᠤ᠂ ᠮᠤᠷᠠᠯ ᠰᠤᠷᠳᠠᠯ ᠢ ᠡᠷᠬᠢᠮᠯᠡᠨ᠂ ᠠᠷᠢᠭᠤᠨ ᠴᠢᠬᠡᠴᠢ ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯ ᠬᠢᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃        ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠪᠢᠩ ᠷᠦᠩ᠂ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠣᠨᠴᠠᠭᠠᠶ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠲᠠᠩᠭᠠᠷᠢᠭᠯᠠᠬᠤ ᠶᠢ ᠭᠡᠷᠡᠴᠢᠯᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号