ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/3
               12 ᠳ᠋ᠤᠭᠠᠷ ᠰᠠᠷ᠎ᠠ ᠶᠢᠨ 2 ᠤᠨ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 56 ︵ᠴᠥᠮ ᠬᠥᠯᠥᠨ ᠪᠤᠶᠢᠷ ᠤᠨ ᠮᠠᠨᠵᠤᠤᠷ ᠬᠤᠲᠠ︶ ᠰᠢᠨ᠎ᠡ ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ᠄        ᠲᠣᠳᠤᠯᠠᠭᠰᠠᠨ ᠡᠪᠡᠳᠴᠢᠨ ᠤ ᠵᠢᠱᠢᠶ᠎ᠡ 184 — 210᠄ ᠴᠥᠮ ᠮᠠᠨᠵᠤᠤᠷ ᠬᠤᠲᠠ ᠶᠢᠨ ᠪᠢᠲᠡᠭᠦᠮᠵᠢᠯᠡᠨ ᠡᠵᠡᠮᠳᠡᠵᠦ ᠪᠠᠶᠢᠭ᠎ᠠ ᠲᠣᠭᠤᠷᠢᠭ ᠤᠨ ᠬᠥᠮᠦᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃        ᠲᠣᠳᠤᠯᠠᠭᠰᠠᠨ ᠡᠪᠡᠳᠴᠢᠨ ᠤ ᠵᠢᠱᠢᠶ᠎ᠡ 211 — 234᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠭᠰᠠᠨ ᠬᠤᠭᠤᠴᠠᠭᠠᠨ ᠳᠠᠬᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃        ᠲᠣᠳᠤᠯᠠᠭᠰᠠᠨ ᠡᠪᠡᠳᠴᠢᠨ ᠤ ᠵᠢᠱᠢᠶ᠎ᠡ 235 — 237᠄ ᠴᠥᠮ ᠮᠠᠨᠵᠤᠤᠷ ᠬᠤᠲᠠ ᠶᠢᠨ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃        ᠲᠣᠳᠤᠯᠠᠭᠰᠠᠨ ᠡᠪᠡᠳᠴᠢᠨ ᠤ ᠵᠢᠱᠢᠶ᠎ᠡ 238᠄ ᠮᠠᠨᠵᠤᠤᠷ ᠬᠤᠲᠠ ᠶᠢᠨ ᠬᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃        ᠲᠣᠳᠤᠯᠠᠭᠰᠠᠨ ᠡᠪᠡᠳᠴᠢᠨ ᠤ ᠵᠢᠱᠢᠶ᠎ᠡ 239᠄ ᠮᠠᠨᠵᠤᠤᠷ ᠬᠤᠳᠠ ᠶᠢᠨ ᠭᠤᠣᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃        ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠥᠬᠦᠶ ᠳᠠᠬᠤᠯ ᠡᠪᠡᠳᠴᠢᠨ ᠤ ᠵᠢᠭᠰᠠᠭᠠᠨ ᠪᠠᠶᠢᠴᠠᠭᠠᠯᠲᠠ ᠵᠡᠷᠭᠡ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃        12 ᠳ᠋ᠤᠭᠠᠷ ᠰᠠᠷ᠎ᠠ ᠶᠢᠨ 2 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 241 ︵ᠬᠥᠯᠥᠨ ᠪᠤᠶᠢᠷ ᠤᠨ ᠮᠠᠨᠵᠤᠤᠷ ᠬᠤᠲᠠ 207᠂ ᠵᠠᠯᠠᠶᠢᠨᠠᠭᠤᠷ ᠲᠣᠭᠤᠷᠢᠭ 32︔ ᠮᠠᠨᠵᠤᠤᠷ ᠬᠤᠲᠠ ᠳᠤ ᠬᠤᠯᠪᠤᠭᠳᠠᠯ ᠲᠠᠢ 2 ᠲᠣᠳᠤᠯᠠᠭᠰᠠᠨ ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ︶ ᠪᠠᠶᠢᠵᠤ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 3 ︵ᠴᠥᠮ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤ︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号