| | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 2 ᠤᠨ ᠴᠠᠬᠢᠯᠭᠠᠨ ᠮᠡᠳᠡᠭᠡ 12 ᠰᠠᠷ᠎ᠠ ᠶᠢᠨ 2 ᠤᠨ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ 2021 ᠣᠨ ᠤ ︽ᠳᠤᠮᠳᠠᠳᠤ ᠤᠯᠤᠰ ᠢ ᠣᠶᠢᠯᠠᠭᠠᠬᠤᠢ | ︾ ᠤᠯᠠᠨ ᠤᠯᠤᠰ ᠤᠨ ᠬᠤᠷᠠᠯ ︵ᠭᠤᠸᠠᠩᠵᠧᠦ︶ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ | ᠬᠡᠯᠡᠵᠡᠢ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ | ᠶᠡᠭᠡ ᠪᠠᠷ ᠳᠡᠯᠭᠡᠷᠡᠭᠰᠡᠨ ᠨᠦᠯᠦᠭᠡᠯᠡᠯ ᠢᠶᠠᠷ᠂ ᠳᠡᠯᠡᠬᠡᠢ ᠳ᠋ᠠᠬᠢᠨ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ | ᠣᠷᠣᠪᠠ᠃ ᠡᠨᠡ ᠬᠦ ᠵᠠᠩᠭᠢᠯᠠᠭ᠎ᠠ ᠶᠢᠨ ᠦᠶ᠎ᠡ ᠳᠤ᠂ ᠪᠢᠳᠡ ᠦᠵᠡᠯ ᠰᠠᠨᠠᠭᠠᠨ ᠤ ᠤᠯᠤᠯᠴᠠᠭ᠎ᠠ ᠪᠠᠨ ᠨᠡᠮᠡᠭᠳᠡᠭᠦᠯᠵᠦ᠂ | ᠰᠣᠯᠢᠯᠴᠠᠭ᠎ᠠ ᠬᠠᠮᠲᠤᠷᠠᠯᠴᠠᠭ᠎ᠠ ᠪᠠᠨ ᠠᠬᠢᠭᠤᠯᠵᠤ᠂ ᠭᠠᠷ ᠬᠤᠯᠪᠣᠯᠴᠠᠨ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ | ᠠᠷᠭᠠᠴᠠᠭᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠨᠡᠩ ᠴᠢᠬᠤᠯᠠᠳᠠᠢ ᠪᠠᠶᠢᠨ᠎ᠠ ᠬᠡᠵᠦ ᠵᠢᠭᠠᠵᠤ | ᠭᠠᠷᠭᠠᠪᠠ᠃ | ᠰᠢ ᠶᠢᠨ ᠫᠢᠩ᠂ ︽ᠥᠨᠥᠳᠦᠷ ᠤᠨ ᠳᠤᠮᠳᠠᠳᠤ ᠤᠯᠤᠰ ᠢ ᠣᠶᠢᠯᠠᠭᠠᠬᠤ ᠳᠤ ᠡᠷᠬᠡᠪᠰᠢ ᠳᠤᠮᠳᠠᠳᠤ ᠤᠯᠤᠰ ᠤᠨ ᠡᠪ | ᠬᠠᠮᠲᠤ ᠨᠠᠮ ᠢ ᠣᠶᠢᠯᠠᠭᠠᠬᠤ ᠬᠡᠷᠡᠭᠲᠡᠢ︾ ᠭᠡᠵᠦ ᠪᠢ ᠬᠡᠯᠡᠵᠦ ᠥᠩᠭᠡᠷᠡᠵᠡᠢ᠃ ᠡᠨᠡ ᠵᠢᠯ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ | ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠵᠦ | ᠂ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠤᠭᠰᠠᠨ | ᠪᠥᠭᠡᠳ ᠳᠡᠯᠡᠬᠡᠢ ᠶᠢᠨ ᠲᠡᠦᠬᠡᠨ ᠠᠬᠢᠴᠠ ᠶᠢ ᠴᠤ ᠭᠦᠨᠵᠡᠭᠡᠢ ᠨᠥᠯᠥᠭᠡᠯᠡᠪᠡ᠃ ᠲᠦᠷᠦᠭᠦᠬᠡᠨ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ | ᠠᠮᠵᠢᠯᠲᠠ ᠲᠠᠢ ᠬᠤᠷᠠᠯᠳᠤᠵᠤ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢ︾ ᠶᠢ | ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠶᠢ ᠨᠡᠭᠡᠭᠡᠵᠦ᠂ ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠲᠥᠭᠡᠨ ᠪᠠᠶᠢᠭᠤᠯᠬᠤ ᠰᠢᠨ᠎ᠡ | ᠠᠶᠠᠨ ᠳᠤ ᠡᠷᠡᠮᠡᠬᠡᠶᠢᠯᠡᠨ ᠤᠷᠤᠭᠰᠢᠯᠠᠬᠤ ᠪᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ | ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠪᠦᠬᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠶᠢ ᠲᠠᠰᠤᠷᠠᠯᠳᠡ ᠦᠭᠡᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠨ ᠬᠠᠩᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠡᠩᠬᠡ | ᠲᠠᠶᠢᠪᠤᠩ ᠬᠥᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠭᠠᠳᠠᠭᠠᠳᠤ ᠨᠡᠬᠡᠬᠡᠯᠳᠡ ᠬᠢᠬᠦ ᠶᠢ ᠪᠠᠷᠢᠮᠲᠠᠯᠠᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠡᠩᠬᠡ ᠲᠠᠶᠢᠪᠤᠩ᠂ | ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠶᠢᠨ ᠪᠦᠬᠦ ᠬᠥᠮᠦᠨ ᠲᠥᠷᠥᠯᠬᠢᠲᠡᠨ ᠤ | ᠬᠠᠮᠲᠤ ᠶᠢᠨ ᠦᠷᠳᠡᠭ ᠢ ᠪᠠᠳᠠᠷᠠᠭᠤᠯᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ | ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ | ᠪᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠳᠠ ᠪᠣᠯᠤᠨ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ | ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ |