ᠸᠠᠩ ᠯᠢ ᠰᠢᠶᠠ ᠮᠠᠨᠵᠤᠤᠷ ᠬᠤᠲᠠ ᠳᠤ ᠲᠤᠬᠠᠢ ᠶᠢᠨ ᠲᠠᠯᠠᠪᠠᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠳᠠᠭᠠᠨ ᠴᠢᠬᠤᠯᠠᠴᠢᠯᠠᠭᠰᠠᠨ ᠨᠢ᠄ ᠲᠡᠮᠦᠷ ᠮᠡᠲᠦ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ ᠬᠠᠲᠠᠭᠤ ᠲᠠᠶᠢᠯᠠᠯᠳᠤᠭᠠᠨ ᠬᠢᠵᠦ ᠢᠯᠠᠭᠤᠬᠰᠠᠨ ᠲᠠᠶᠢᠯᠠᠯᠳᠤᠭᠠᠨ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/12/6
             12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠳᠠ ᠳᠤ ᠪᠠᠴᠢᠮ ᠬᠦᠷᠴᠦ᠂ ᠲᠤᠬᠠᠢ ᠶᠢᠨ ᠲᠠᠯᠠᠪᠠᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠡᠮᠦᠷ ᠮᠡᠲᠦ ᠰᠠᠬᠢᠯᠭ᠎ᠠ ᠪᠠᠲᠤ ᠶᠢ ᠢᠮᠠᠭᠲᠠ ᠲᠡᠷᠢᠭᠦᠨ ᠳᠤ ᠲᠠᠯᠪᠢᠵᠤ᠂ ᠬᠠᠲᠠᠭᠤ ᠳᠠᠶᠢᠯᠠᠯᠳᠤᠭᠠᠨ ᠬᠢᠵᠦ᠂ ᠢᠯᠠᠭᠤᠬᠰᠠᠨ ᠲᠠᠶᠢᠯᠠᠯᠳᠤᠭᠠᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ        ᠸᠠᠩ ᠯᠢ ᠰᠢᠶᠠ ᠨᠠᠷ ᠤᠯᠠᠨ ᠭᠠᠵᠠᠷ ᠢᠶᠠᠷ ᠦᠩᠭᠡᠷᠡᠵᠦ ᠮᠠᠨᠵᠤᠤᠷ ᠲᠤ ᠬᠦᠷᠦᠭᠰᠡᠨ ᠤ ᠳᠠᠷᠠᠭ᠎ᠠ᠂ ᠰᠥᠨᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠶᠢᠨ ᠲᠠᠯᠠᠪᠠᠶ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠲᠡᠷᠡ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠸᠢᠷᠦ᠋ᠰ ᠲᠠᠢ ᠲᠡᠮᠡᠴᠡᠵᠤ᠂ ᠴᠠᠭ ᠮᠦᠴᠡ ᠲᠠᠢ ᠤᠷᠤᠯᠳᠤᠵᠤ᠂ ᠡᠨᠡ ᠤᠳᠠᠭᠠᠨ ᠤ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠵᠤ᠂ ᠡᠬᠡ ᠤᠯᠤᠰ ᠤᠨ ︽ᠤᠮᠠᠷᠠᠲᠤ ᠶᠢᠨ ᠶᠡᠭᠡ ᠡᠭᠦᠳᠡ︾ ᠶᠢ ᠡᠷᠡᠰ ᠰᠠᠶᠢᠲᠤᠷ ᠰᠠᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠸᠠᠩ ᠯᠢ ᠰᠢᠶᠠ᠂ ᠬᠠᠷᠠᠯᠲᠠ ᠪᠠᠨ ᠪᠠᠲᠤ ᠡᠵᠡᠮᠳᠡᠵᠦ᠂ ᠨᠡᠩ ᠬᠢᠨᠠᠮᠠᠭᠠᠢ ᠨᠡᠩ ᠴᠢᠩᠭ᠎ᠠ ᠤᠷᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠯᠢᠭ ᠠᠴᠠ ᠨᠠᠷᠢᠯᠢᠭ᠂ ᠪᠣᠳᠠᠲᠠᠢ ᠠᠴᠠ ᠪᠣᠳᠠᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠪᠠᠭᠠᠰᠬᠠᠬᠤ᠂ ᠬᠢᠵᠢᠭ ᠤᠨ ᠨᠡᠮᠡᠭᠳᠡᠯ ᠢ ᠬᠤᠷᠢᠭᠯᠠᠬᠤ᠂ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡᠭᠦᠤ ᠭᠤᠬᠴᠤᠭᠠᠳᠤ ᠬᠠᠮᠢᠶᠠᠷᠤᠯᠳᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠦᠷᠪᠢᠰᠦᠨ ᠳᠡᠯᠭᠡᠷᠡᠬᠦ ᠬᠡᠯᠬᠢᠶ᠎ᠠ ᠶᠢ ᠡᠷᠡᠰ ᠲᠠᠰᠤᠯᠬᠤ ᠬᠡᠷᠡᠭᠲᠡᠢ᠃ ︽ᠬᠥᠮᠦᠨ ᠢ ᠡᠷᠢᠵᠦ ᠤᠯᠬᠤ︾᠂ ︽ᠬᠥᠮᠦᠨ ᠢ ᠬᠠᠮᠢᠶᠠᠷᠴᠤ ᠳᠡᠶᠢᠯᠬᠦ︾᠂ ︽ᠬᠥᠮᠦᠨ ᠢ ᠰᠠᠶᠢᠲᠤᠷ ᠵᠠᠰᠠᠬᠤ︾ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠶᠣᠰᠣᠲᠠᠶ ᠪᠠᠶᠢᠲᠠᠯ᠎ᠠ ᠪᠠᠶᠢᠴᠠᠭᠠᠭᠰᠠᠨ ᠥᠬᠡᠶ᠂ ᠲᠤᠰᠠᠭᠠᠷᠯᠠᠬᠤ ᠶᠤᠰᠤᠳᠠᠢ ᠪᠠᠶᠢᠳᠠᠯ᠎ᠠ ᠲᠤᠰᠠᠭᠠᠷᠯᠠᠭᠰᠠᠨ ᠥᠬᠡᠶ ᠬᠥᠮᠦᠰ ᠢ ᠦᠨᠡᠨ ᠬᠦ ᠡᠷᠢᠵᠦ ᠣᠯᠵᠤ᠂ ︽ᠰᠠᠭᠤᠷᠢ ᠲᠤᠭ᠎ᠠ ᠶᠢ ᠲᠣᠳᠣᠷᠬᠠᠶ ᠪᠣᠯᠭᠠᠬᠤ᠂ ᠪᠦᠭᠡᠮ ᠬᠦᠴᠢᠯ ᠤᠨ ᠪᠠᠶᠢᠴᠠᠭᠠᠯᠳᠠ ᠬᠢᠬᠦ ᠶᠢ ᠪᠦᠬᠦᠨ ᠢ ᠪᠡᠶᠡᠯᠡᠬᠦᠯᠬᠦ᠂ ᠨᠢᠭᠳᠠ ᠤᠶᠢᠷᠠᠳᠤᠭᠰᠠᠳ ᠢ ᠳᠤᠳᠤᠷᠬᠠᠢ ᠪᠤᠯᠭᠠᠬᠤ︾ ᠶᠢ ᠪᠡᠶᠡᠯᠡᠭᠦᠯᠬᠦ ᠬᠡᠷᠡᠭᠳᠠᠢ︔ ᠠᠯᠢᠪᠠ ᠦᠷᠡᠭᠳᠡᠯ ᠰᠦᠢᠳᠦᠯ ᠢ ᠬᠠᠶᠢᠬᠤᠷᠤᠯ ᠦᠭᠡᠢ ᠪᠠᠷ ᠡᠪᠡᠳᠴᠢᠲᠡᠨ ᠢ ᠠᠪᠤᠷᠠᠨ ᠡᠮᠨᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠡᠮᠨᠡᠯᠭᠡ ᠶᠢᠨ ᠬᠤᠷᠢᠶ᠎ᠠ ᠳᠤ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠦᠨᠡᠨ ᠬᠦ ︽ᠠᠮᠤᠷ ᠲᠥᠪᠰᠢᠨ ᠢ ᠪᠠᠲᠤᠯᠠᠵᠤ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ᠂ ᠣᠯᠠᠨ ᠲᠦᠮᠡᠨ ᠤ ᠠᠮᠢᠳᠤᠷᠠᠯ ᠤᠨ ᠡᠳ᠋ ᠪᠣᠳᠠᠰ᠂ ᠬᠦᠶ᠋ᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠬᠤ᠂ ᠦᠨᠡᠨ ᠬᠦ ᠰᠠᠶᠢᠳᠤᠷ ᠳᠣᠭᠢᠷᠠᠭᠤᠯᠤᠨ ᠬᠦᠷᠭᠡᠬᠦ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃        ᠸᠠᠩ ᠯᠢ ᠰᠢᠶᠠ᠂ ᠰᠠᠬᠢᠯᠭ᠎ᠠ ᠪᠠᠲᠤ ᠶᠣᠰᠣ ᠲᠦᠷᠢᠮ ᠢ ᠤᠯᠠᠮ ᠴᠢᠨᠠᠭᠰᠢᠳᠠ ᠴᠢᠩᠳᠠᠯᠠᠵᠤ᠂ ᠰᠤᠷᠲᠠᠯ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠪᠦᠬᠦ ᠬᠡᠯᠬᠢᠶ᠎ᠠ ᠳᠤ ︽ᠬᠤᠷᠳᠤᠴᠠ ᠶᠢ ᠳᠡᠭᠡᠭᠰᠢᠯᠡᠭᠦᠯᠵᠦ ᠪᠠᠷᠢᠮᠵᠢᠶ᠎ᠠ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠥᠷᠨᠢᠭᠦᠯᠵᠦ᠂ ᠪᠦᠷᠢᠨ ᠪᠦᠲᠦᠨ ᠪᠦᠲᠦᠮᠵᠢᠲᠡᠢ ᠪᠢᠳᠡᠬᠦᠦ ᠭᠤᠬᠴᠤᠭ᠎ᠠ ᠶᠢ ᠪᠦᠷᠢᠯᠳᠦᠭᠦᠯᠬᠦ ᠬᠡᠷᠡᠭᠳᠠᠢ︔ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠵᠤ᠂ ᠡᠯ᠎ᠡ ᠱᠠᠲᠤᠨ ᠤ ᠺᠠᠳ᠋ᠷ ᠤᠨ ᠨᠠᠷᠢᠨ ᠬᠢᠨᠠᠮᠠᠭᠠᠢ ᠨᠠᠷᠢᠨ ᠨᠢᠭᠲᠠ ᠠᠵᠢᠯ ᠤᠨ ᠰᠤᠷᠲᠠᠯ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠵᠢᠯ ᠳᠠᠭᠠᠨ ᠰᠢᠮᠳᠡᠬᠤ ᠪᠠᠶᠢᠳᠠᠯ ᠢ ᠢᠮᠠᠭᠲᠠ ᠪᠠᠲᠤᠯᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠠᠵᠢᠯ ᠤᠨ ᠦᠷ᠎ᠡ ᠪᠦᠲᠦᠮᠵᠢ ᠪᠠᠨ ᠴᠢᠨᠠᠬᠰᠢᠳᠠ ᠳᠡᠭᠡᠭᠰᠢᠯᠡᠭᠦᠯᠵᠦ᠂ ᠥᠨᠥᠳᠦᠷ ᠤᠨ ᠶᠠᠪᠤᠳᠠᠯ ᠢ ᠥᠨᠥᠳᠦᠷ ᠲᠡᠭᠡᠨ ᠳᠠᠭᠤᠰᠬᠠᠬᠤ ᠶᠢ ᠡᠷᠡᠰ ᠪᠡᠶᠡᠯᠡᠭᠦᠯᠬᠦ ᠬᠡᠷᠡᠭᠲᠡᠢ᠂ ᠶᠠᠭᠠᠬᠢᠭᠰᠠᠨ ᠴᠤ ᠬᠤᠶᠢᠰᠢᠯᠠᠭᠤᠯᠤᠨ ᠤᠳᠠᠭᠠᠰᠢᠷᠠᠭᠤᠯᠵᠤ ᠪᠣᠯᠬᠤ ᠦᠭᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ ᠡᠭᠦᠷᠭᠡᠯᠡᠬᠦ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠬᠦ ᠶᠢ ᠪᠡᠶᠡᠯᠡᠭᠦᠯᠵᠦ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠥᠨᠳᠥᠷ ᠮᠠᠨᠳᠤᠭᠤᠯᠬᠤ ᠬᠡᠷᠡᠭᠲᠡᠢ᠃ ᠤᠬᠠᠭᠤᠯᠤᠨ ᠳᠠᠶᠢᠴᠢᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠥᠮᠦᠰ ᠤᠨ ᠰᠡᠳᠭᠢᠯ ᠢ ᠨᠢᠭᠲᠠᠷᠠᠭᠤᠯᠤᠨ᠂ ᠡᠷᠴᠢ ᠵᠣᠷᠢᠭ ᠢ ᠬᠥᠪᠴᠢᠯᠡᠬᠦ ᠬᠡᠷᠡᠭᠲᠡᠢ᠃ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠵᠦ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠥᠭᠦᠭᠡ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠠᠯᠳᠠᠭ᠎ᠠ ᠪᠤᠷᠤᠭᠤ ᠪᠠᠨ ᠪᠠᠶᠢᠴᠠᠭᠠᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠪᠣᠭᠤᠮᠲᠠ ᠶᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠬᠡᠨ ᠢᠵᠢ ᠪᠦᠷᠢᠨ ᠠᠷᠭ᠎ᠠ ᠬᠡᠮᠵᠢᠶ᠎ᠡ ᠶᠢ ᠦᠨᠡᠨ ᠬᠦ ᠭᠠᠷᠭᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃        ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠡᠸᠤ ᠶᠠᠩ ᠰᠢᠶᠤᠤ ᠬᠤᠶ᠂ ᠾᠧᠩ ᠰᠢᠶᠤᠤ ᠹᠠᠨ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠢᠨ ᠲᠠᠯᠠᠪᠠᠢ ᠶᠢᠨ ᠰᠢᠢᠳᠪᠦᠷᠢᠯᠡᠬᠦ ᠲᠤᠰᠬᠠᠶ ᠠᠩᠭᠢ ᠶᠢᠨ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号