ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠲᠥᠪᠯᠡᠷᠡᠭᠦᠯᠦᠨ ᠡᠬᠢᠯᠡᠭᠦᠯᠬᠦ ᠲᠤᠬᠠᠢ ᠶᠢᠨ ᠭᠠᠵᠠᠷ ᠤᠨ ᠬᠤᠷᠠᠯ ᠬᠤᠷᠠᠯᠳᠤᠪᠠ ᠯᠢ ᠪᠢᠩ ᠷᠥᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/12/6
           12 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠲᠥᠪᠯᠡᠷᠡᠭᠦᠯᠦᠨ ᠡᠬᠢᠯᠡᠭᠦᠯᠬᠦ ᠲᠤᠬᠠᠢ ᠶᠢᠨ ᠭᠠᠵᠠᠷ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠥᠩ ᠬᠤᠷᠠᠯ ᠳᠤ ᠣᠷᠣᠯᠴᠠᠵᠤ ᠬᠠᠷᠢᠶ᠎ᠠ ᠲᠠᠯᠪᠢᠪᠠ        ᠬᠤᠷᠠᠯ ᠠᠴᠠ᠂ ᠡᠨᠡ ᠡᠪᠦᠯ ᠢᠷᠡᠬᠦ ᠬᠠᠪᠤᠷ ᠤᠨ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠵᠤ᠂ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠤ ᠰᠢᠨ᠎ᠡ ᠥᠷᠨᠢᠯᠲᠡ ᠶᠢ ᠪᠤᠢ ᠪᠣᠯᠭᠠᠵᠤ᠂ ᠤᠯᠤᠰ ᠠᠴᠠ ᠪᠠᠭᠤᠯᠭᠠᠭᠰᠠᠨ ᠣᠨ ᠤ ᠬᠠᠷᠯᠲᠠᠲᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠬᠢᠨᠠᠨ ᠪᠣᠳᠣᠯᠲᠠ ᠪᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠦᠢᠯᠪᠤᠷᠢᠲᠠᠢ ᠪᠠᠶᠢᠴᠠᠭᠠᠨ ᠲᠣᠳᠣᠯᠠᠵᠤ᠂ ᠲᠣᠳᠣᠷᠬᠠᠢ ᠣᠶᠢᠯᠠᠭᠠᠨ᠂ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠥᠨᠳᠥᠷᠴᠡ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠭᠠᠵᠠᠷ ᠣᠷᠣᠨ ᠡᠯ᠎ᠡ ᠱᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠱᠠᠲᠤᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠬᠤᠷᠠᠯ ᠳᠡᠭᠡᠷ᠎ᠡ ᠪᠠᠰᠠ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠬᠠᠮᠲᠤᠷᠠᠭᠰᠠᠨ ᠳᠠᠶᠢᠯᠠᠯᠳᠤᠭᠠᠨ ᠤ ᠸᠢᠳᠢᠣ᠋ ᠡᠬᠢᠯᠡᠯᠲᠡ ᠶᠢᠨ ᠶᠣᠰᠣᠯᠠᠯ ᠢ ᠵᠡᠷᠭᠡ ᠪᠠᠷ ᠶᠠᠪᠤᠭᠳᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号