| | 12 ᠳ᠋ᠤᠭᠠᠷ ᠰᠠᠷ᠎ᠠ ᠶᠢᠨ 5 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠨᠡᠮᠡᠭᠳᠡᠭᠰᠡᠨ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠᠶᠢᠬᠤ ᠥᠬᠡᠶ᠂ | ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 28 ︵ᠬᠥᠯᠥᠨ ᠪᠤᠶᠢᠷ ᠤᠨ ᠮᠠᠨᠵᠤᠤᠷ ᠬᠤᠲᠠ ᠳᠤ | 27᠂ ᠰᠢᠨ᠎ᠡ ᠪᠠᠷᠭᠤ ᠪᠠᠷᠠᠭᠤᠨ ᠬᠤᠰᠢᠭᠤᠨ ᠳᠤ 1︶ ᠰᠢᠨ᠎ᠡ ᠪᠠᠷ ᠨᠡᠮᠡᠭᠳᠡᠵᠡᠶ᠂ ᠡᠭᠦᠨ ᠳᠤ ᠡᠪᠡᠳᠴᠢᠨ ᠤ ᠢᠯᠡᠷᠡᠯ | ᠥᠬᠡᠶ ᠬᠠᠯᠳᠠᠪᠤᠷᠢᠯᠠᠭᠳᠠᠭᠴᠢ ᠠᠴᠠ ᠰᠢᠯᠵᠢᠭᠰᠡᠨ 4 ᠲᠣᠳᠣᠯᠠᠭᠰᠠᠨ ᠡᠪᠡᠳᠴᠢᠨ ᠤ ᠵᠢᠱᠢᠶ᠎ᠡ ︵ᠬᠥᠯᠥᠨ ᠪᠤᠶᠢᠷ ᠤᠨ | ᠮᠠᠨᠵᠤᠤᠷ ᠬᠤᠲᠠ ᠳᠤ 3᠂ ᠰᠢᠨ᠎ᠡ ᠪᠠᠷᠭᠤ ᠪᠠᠷᠠᠭᠤᠨ ᠬᠤᠰᠢᠭᠤᠨ ᠳᠤ 1︶ ᠶᠢ ᠪᠠᠭᠲᠠᠭᠠᠨ᠎ᠠ᠃ ᠲᠤᠬᠠᠢ ᠶᠢᠨ | ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 2 ︵ᠴᠥᠮ ᠬᠥᠯᠥᠨ ᠪᠤᠶᠢᠷ ᠤᠨ ᠮᠠᠨᠵᠤᠤᠷ | ᠬᠤᠲᠠ ᠳᠤ ᠪᠣᠶ︶ ᠰᠢᠨ᠎ᠡ ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠨᠠᠷᠢᠨ ᠪᠠᠶᠢᠳᠠᠯ ᠨᠢ ᠳᠣᠤᠷᠠᠬᠢ | ᠮᠡᠲᠦ᠄ | 331 ᠠᠴᠠ 334 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ 12 ᠳ᠋ᠤᠭᠠᠷ ᠰᠠᠷ᠎ᠠ ᠶᠢᠨ 4 ᠤ | ᠡᠳᠦᠷ ᠮᠠᠨᠵᠤᠤᠷ ᠬᠤᠲᠠ ᠪᠣᠯᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠣᠨᠣᠰᠢᠯᠠᠭᠰᠠᠨ ᠡᠪᠡᠳᠴᠢᠨ ᠤ ᠢᠯᠡᠷᠡᠯ | ᠥᠬᠡᠶ ᠬᠠᠯᠳᠠᠪᠤᠷᠢᠯᠠᠭᠳᠠᠭᠴᠢ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ | ᠵᠢᠱᠢᠶ᠎ᠡ ᠪᠣᠯᠣᠨ ᠰᠢᠯᠵᠢᠪᠡ᠃ | 335 ᠠᠴᠠ 337 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ | ᠪᠢᠲᠡᠭᠦᠮᠵᠢᠯᠡᠨ ᠬᠤᠷᠢᠭᠯᠠᠬᠤ ᠲᠣᠭᠤᠷᠢᠭ ᠲᠠᠬᠢ ᠬᠥᠮᠦᠰ ᠤᠨ ᠪᠥᠭᠡᠮ ᠬᠦᠴᠢᠯ ᠢ ᠰᠢᠭᠰᠢᠨ ᠪᠠᠶᠢᠴᠠᠭᠠᠬᠤ ᠳᠤ ᠠᠷᠭ᠎ᠠ | ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢᠶᠠᠷ ᠲᠣᠳᠣᠯᠠᠪᠠ᠃ 338 ᠠᠴᠠ 349 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ | ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠭᠰᠠᠨ ᠬᠤᠭᠤᠴᠠᠭᠠᠨ ᠳᠠᠬᠢ ᠪᠥᠭᠡᠮ ᠬᠦᠴᠢᠯ ᠤᠨ | ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃ | 350 ᠠᠴᠠ 358 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ | ᠬᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠤᠨ ᠪᠥᠭᠡᠮ ᠬᠦᠴᠢᠯ ᠢ ᠰᠢᠭᠰᠢᠨ ᠪᠠᠶᠢᠴᠠᠭᠠᠬᠤ ᠳᠤ ᠠᠷᠭ᠎ᠠ ᠴᠢᠨᠠᠷ | ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢᠶᠠᠷ ᠲᠣᠳᠣᠯᠠᠪᠠ᠃ | 1᠂ 2 ᠳ᠋ᠤᠭᠠᠷ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ᠄ ᠴᠥᠮ ᠮᠠᠨᠵᠤᠤᠷ ᠬᠤᠲᠠ ᠶᠢᠨ | ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ | ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠷ ᠲᠣᠳᠣᠯᠠᠪᠠ᠃ | ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠲᠤᠰᠠᠭᠠᠷᠯᠠᠨ ᠡᠮᠴᠢᠯᠡᠵᠦ ᠪᠠ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠠᠬᠤᠯ | ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ | ᠪᠠᠶᠢᠨ᠎ᠠ᠃ | 12 ᠳ᠋ᠤᠭᠠᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 360 ︵ᠬᠥᠯᠥᠨ ᠪᠤᠶᠢᠷ ᠤᠨ | ᠮᠠᠨᠵᠤᠤᠷ ᠬᠤᠲᠠ ᠳᠤ 322᠂ ᠵᠠᠯᠠᠶᠢᠨᠠᠭᠤᠷ ᠲᠣᠭᠤᠷᠢᠭ ᠲᠤ 32᠂ ᠰᠢᠨ᠎ᠡ ᠪᠠᠷᠭᠤ ᠪᠠᠷᠠᠭᠤᠨ ᠬᠤᠰᠢᠭᠤᠨ ᠳᠤ 4 | ᠪᠣᠶ︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ | ᠬᠤᠲᠠ ᠶᠢᠨ ᠬᠤᠷᠴᠢᠨ ᠲᠣᠭᠤᠷᠢᠭ ᠲᠤ ᠪᠣᠶ︶ ᠪᠠᠶᠢᠵᠤ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 2 | ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠣᠶ︶ ᠪᠤᠢ᠃ ᠴᠥᠮ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ |