ᠥᠪᠥᠷ ᠮᠣᠩᠭᠤᠯ᠄ ᠡᠨᠡ ᠵᠢᠯ ᠠᠵᠢᠯ ᠦᠢᠯᠡᠰ ᠤᠨ ᠨᠢᠭᠡᠴᠢ ᠶᠢᠨ ᠬᠤᠭᠤᠰᠣᠨ ᠠᠵᠢᠯ ᠤᠨ ᠪᠠᠶᠢᠷᠢ ᠶᠢ ᠭᠤᠤᠯᠳᠠᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠶ ᠡᠯᠰᠡᠬᠦ ᠳᠤ ᠬᠡᠷᠡᠭᠯᠡᠨ᠎ᠡ
ᠨᠡᠶᠢᠲᠡᠯᠡᠭᠰᠡᠨ ᠴᠠᠭ᠄
2021/4/14
           ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2021 ᠣᠨ ᠤ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ ᠡᠨᠡ ᠵᠢᠯ ᠤᠨ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠬᠤᠭᠤᠰᠣᠨ ᠠᠵᠢᠯ ᠤᠨ ᠪᠠᠶᠢᠷᠢ ᠶᠢ ᠭᠤᠤᠯᠳᠠᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠠᠵᠢᠯ ᠰᠣᠩᠭᠤᠬᠤ ᠬᠤᠭᠤᠴᠠᠭᠠᠨ ᠳᠤ ᠪᠠᠨ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠᠭᠲᠠᠨ᠎ᠠ︶ ᠢ ᠲᠤᠰᠬᠠᠶ ᠡᠯᠰᠡᠬᠦ ᠳᠤ ᠬᠡᠷᠡᠭᠯᠡᠨ᠎ᠡ ᠭᠡᠵᠦ ᠲᠣᠳᠣᠷᠬᠠᠶ ᠲᠣᠭᠲᠠᠭᠠᠵᠠᠶ᠃        ᠮᠡᠳᠡᠭᠳᠡᠯ ᠳᠤ ᠲᠣᠳᠣᠷᠬᠠᠶᠢᠯᠠᠬᠤ ᠳᠤ ᠪᠠᠨ᠂ ᠠᠵᠢᠯ ᠦᠢᠯᠡᠰ ᠤᠨ ᠨᠢᠭᠡᠴᠢ ᠶᠢᠨ ᠬᠤᠭᠤᠰᠣᠨ ᠠᠵᠢᠯ ᠤᠨ ᠪᠠᠶᠢᠷᠢ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠳᠤ ᠪᠠᠨ ᠡᠯᠰᠡᠬᠦ ᠨᠥᠬᠦᠴᠡᠯ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ ᠭᠡᠵᠡᠢ᠃ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠵᠦ᠂ ᠠᠵᠢᠯᠲᠠᠨ ᠡᠯᠰᠡᠬᠦ ᠠᠯᠪᠠᠨ ᠵᠠᠷ ᠪᠠ ᠪᠣᠳᠠᠲᠠᠶ ᠠᠵᠢᠯᠯᠠᠭᠠᠨ ᠤ ᠳᠤᠮᠳᠠ᠂ ᠲᠡᠭᠦᠰᠦᠭᠰᠡᠨ ᠰᠤᠷᠭᠠᠭᠤᠯᠢ᠂ ᠤᠯᠤᠰ ︵ᠬᠢᠯᠢ︶ ᠤᠨ ᠭᠠᠳᠠᠨ᠎ᠠ ᠰᠤᠷᠤᠯᠴᠠᠭᠰᠠᠨ ᠥᠩᠭᠡᠷᠡᠯᠲᠡ᠂ ᠰᠤᠷᠤᠯᠴᠠᠭᠰᠠᠨ ᠠᠷᠭ᠎ᠠ ᠮᠠᠶ᠋ᠢᠭ ᠢ ᠬᠢᠵᠠᠭᠠᠷᠯᠠᠬᠤ ᠴᠢᠨᠠᠷᠲᠠᠶ ᠨᠥᠬᠦᠴᠡᠯ ᠪᠣᠯᠭᠠᠵᠤ ᠪᠣᠯᠬᠤ ᠥᠬᠡᠶ᠂ ᠴᠢᠭᠯᠡᠯ ᠤᠨ ᠴᠢᠨᠠᠷᠲᠠᠶ ᠪᠤᠶᠤ ᠠᠵᠢᠯ ᠤᠨ ᠪᠠᠶᠢᠷᠢ ᠲᠠᠢ ᠬᠠᠮᠢᠶ᠎ᠠ ᠥᠬᠡᠶ ᠬᠠᠨᠳᠤᠯᠭᠠᠲᠤ ᠴᠢᠨᠠᠷᠲᠠᠶ ᠨᠥᠬᠦᠴᠡᠯ ᠲᠣᠭᠲᠠᠭᠠᠵᠤ ᠪᠣᠯᠬᠤ ᠥᠬᠡᠶ᠃ ᠲᠤᠰᠬᠠᠶ ᠮᠡᠷᠭᠡᠵᠢᠯ ᠤᠨ ᠰᠣᠩᠭᠤᠯᠲᠠ ᠶᠢ ᠥᠷᠭᠡᠨ ᠬᠡᠪᠴᠢᠶᠡᠨ ᠳᠤ ᠲᠣᠭᠲᠠᠭᠠᠵᠤ᠂ ᠠᠳᠠᠯᠢ ᠨᠢᠭᠡᠨ ᠠᠵᠢᠯ ᠤᠨ ᠪᠠᠶᠢᠷᠢ ᠳᠤ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠳᠣᠭᠢᠷᠠᠬᠤ ᠨᠢᠭᠡ ᠪᠤᠶᠤ ᠣᠯᠠᠨ ᠣᠶᠢᠷᠠᠯᠴᠠᠭ᠎ᠠ ᠲᠤᠰᠬᠠᠶ ᠮᠡᠷᠭᠡᠵᠢᠯ ᠢ ᠳᠣᠭᠢᠷᠠᠭᠤᠯᠵᠤ ᠪᠣᠯᠤᠨ᠎ᠠ᠂ ᠪᠠᠰᠠ ᠲᠤᠰᠬᠠᠶ ᠮᠡᠷᠭᠡᠵᠢᠯ ᠤᠨ ᠶᠡᠭᠡ ᠲᠥᠷᠥᠯ ᠢᠶᠠᠷ ᠲᠤᠰᠬᠠᠶ ᠮᠡᠷᠭᠡᠵᠢᠯ ᠤᠨ ᠨᠥᠬᠦᠴᠡᠯ ᠢ ᠳᠣᠭᠢᠷᠠᠭᠤᠯᠵᠤ ᠪᠣᠯᠤᠨ᠎ᠠ᠃ ᠲᠤᠰᠬᠠᠶ ᠮᠡᠷᠭᠡᠵᠢᠯ ᠤᠨ ᠱᠠᠭᠠᠷᠳᠠᠯᠭ᠎ᠠ ᠥᠬᠡᠶ ᠠᠵᠢᠯᠲᠠᠨ ᠡᠯᠰᠡᠬᠦ ᠠᠵᠢᠯ ᠤᠨ ᠪᠠᠶᠢᠷᠢ ᠳᠤ ᠲᠤᠰᠬᠠᠶ ᠮᠡᠷᠭᠡᠵᠢᠯ ᠤᠨ ᠨᠥᠬᠦᠴᠡᠯ ᠭᠠᠷᠭᠠᠬᠤ ᠥᠬᠡᠶ ᠪᠠᠶᠢᠵᠤ ᠪᠣᠯᠤᠨ᠎ᠠ᠃ ᠬᠠᠲᠠᠭᠤ ᠪᠡᠷᠬᠡᠰᠢᠶᠡᠯ ᠲᠠᠢ ᠬᠢᠯᠢ ᠬᠢᠵᠠᠭᠠᠷ ᠤᠨ ᠬᠤᠰᠢᠭᠤ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ ᠳᠤ᠂ ᠨᠠᠰᠤ ᠵᠢᠯ᠂ ᠰᠤᠷᠤᠯᠭ᠎ᠠ ᠶᠢᠨ ᠨᠠᠮᠲᠠᠷ᠂ ᠲᠤᠰᠬᠠᠶ ᠮᠡᠷᠭᠡᠵᠢᠯ ᠤᠨ ᠨᠥᠬᠦᠴᠡᠯ ᠢ ᠵᠣᠬᠢᠰᠲᠠᠢ ᠠᠭᠤᠵᠢᠭᠤ ᠲᠠᠯᠪᠢᠵᠤ᠂ ᠵᠣᠬᠢᠬᠤ ᠲᠣᠭᠠᠨ ᠤ ᠠᠵᠢᠯ ᠤᠨ ᠪᠠᠶᠢᠷᠢ ᠳᠤ ᠲᠣᠰ ᠬᠤᠰᠢᠭᠤ ᠰᠢᠶᠠᠨ ᠪᠤᠶᠤ ᠡᠷᠬᠢᠨ ᠲᠣᠭᠤᠷᠢᠨ ᠤ ᠬᠤᠰᠢᠭᠤ ᠰᠢᠶᠠᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠰ ︵ᠪᠤᠶᠤ ᠰᠣᠷᠣᠭᠴᠢ︶ ᠢ ᠤᠷᠢᠨ ᠬᠡᠷᠡᠭᠯᠡᠵᠦ ᠪᠣᠯᠤᠨ᠎ᠠ᠃        ᠡᠯ᠎ᠡ ᠭᠠᠵᠠᠷ ᠤᠨ ᠬᠢᠨ ᠢᠯᠡ ᠪᠠᠷ ᠠᠵᠢᠯᠲᠠᠨ ᠡᠯᠰᠡᠬᠦ ᠳᠦᠷᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠬᠥᠮᠦᠨ ᠬᠡᠷᠡᠭᠯᠡᠬᠦ ᠨᠢᠭᠡᠴᠢ ᠶᠢᠨ ᠤᠷᠢᠨ ᠬᠡᠷᠡᠭᠯᠡᠬᠦ ᠡᠵᠡᠨ ᠮᠡᠳᠡᠬᠦ ᠡᠷᠬᠡ ᠶᠢ ᠭᠦᠢᠴᠡᠳ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠵᠦ ᠤᠷᠢᠨ ᠬᠡᠷᠡᠭᠯᠡᠬᠦ ᠬᠡᠷᠡᠭᠲᠡᠶ᠂ ᠪᠣᠳᠠᠲᠠᠶ ᠪᠠᠷ ᠬᠡᠯᠡᠪᠡᠯ ᠡᠩ ᠤᠨ ᠴᠢᠨᠠᠷᠲᠠᠶ ᠠᠵᠢᠯ ᠤᠨ ᠪᠠᠶᠢᠷᠢ ᠳᠤ ᠲᠣᠭᠲᠠᠮᠠᠯ ᠬᠤᠭᠤᠴᠠᠭ᠎ᠠ ᠲᠠᠢ ᠪᠠᠷ ᠤᠷᠢᠨ ᠬᠡᠷᠡᠭᠯᠡᠬᠦ᠂ ᠳ᠋ᠣᠺᠲ᠋ᠣᠷ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠭᠠᠨ ᠪᠠᠶᠢᠴᠠᠭᠠᠵᠤ ᠤᠷᠢᠨ ᠬᠡᠷᠡᠭᠯᠡᠬᠦ᠂ ᠣᠨᠴᠠᠭᠠᠢ ᠤᠷ᠎ᠠ ᠴᠢᠳᠠᠪᠤᠷᠢᠲᠦ ︵ᠲᠤᠰᠬᠠᠶ ᠮᠡᠷᠭᠡᠵᠢᠯ︶ ᠴᠢᠳᠠᠪᠤᠷᠢᠲᠠᠨ ᠢ ᠠᠮᠢᠳᠤᠯᠢᠭ ᠢᠶᠠᠷ ᠤᠷᠢᠨ ᠬᠡᠷᠡᠭᠯᠡᠬᠦ᠂ ᠪᠠᠴᠢᠮ ᠳᠤᠲᠠᠭᠳᠠᠵᠤ ᠪᠠᠴᠢᠮ ᠬᠡᠷᠡᠭᠰᠡᠬᠦ ᠴᠢᠳᠠᠪᠤᠷᠢᠲᠠᠨ ᠢ ︽ᠭᠠᠳᠠᠭᠰᠢ ᠭᠠᠷᠴᠤ︾ ᠤᠷᠢᠨ ᠬᠡᠷᠡᠭᠯᠡᠬᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠲᠠᠨ ᠢ ᠢᠯᠡᠭᠦᠤ ᠤᠷᠢᠨ ᠬᠡᠷᠡᠭᠯᠡᠵᠦ ᠪᠣᠯᠣᠨ᠎ᠠ᠃ ᠡᠭᠦᠨ ᠤ ᠬᠠᠮᠲᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠵᠢᠯᠣᠭᠤᠳᠣᠯᠭ᠎ᠠ ᠳᠣᠤᠷ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠠᠵᠢᠯᠲᠠᠨ᠂ ᠤᠯᠠᠭᠠᠨᠮᠥ᠋ᠴᠢᠷ ᠤᠨ ᠭᠡᠰᠢᠭᠦᠨ ᠵᠡᠷᠭᠡ ᠶᠢ ᠤᠷᠢᠨ ᠬᠡᠷᠡᠭᠯᠡᠬᠦ ᠠᠷᠭ᠎ᠠ ᠪᠠᠷ ᠲᠥᠷᠥᠯ ᠬᠤᠪᠢᠶᠠᠨ ᠤᠷᠢᠨ ᠬᠡᠷᠡᠭᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠢᠨ ᠬᠡᠷᠡᠭᠯᠡᠬᠦ ᠲᠥᠰᠦᠯ ᠪᠠ ᠦᠷ᠎ᠡ ᠳ᠋ᠦᠩ ᠢᠶᠠᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠᠷ ᠢᠶᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号