ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠡᠭᠡᠷ᠎ᠡ ᠬᠠᠭᠠᠰ ᠵᠢᠯ ᠤᠨ ᠢᠯᠡ ᠪᠠᠷ ᠠᠵᠢᠯᠲᠠᠨ ᠡᠯᠰᠡᠬᠦ ᠰᠢᠯᠭᠠᠯᠲᠠ ᠨᠡᠷ᠎ᠡ ᠮᠡᠳᠡᠭᠦᠯᠦᠨ ᠡᠬᠢᠯᠡᠵᠡᠢ
ᠨᠡᠶᠢᠲᠡᠯᠡᠭᠰᠡᠨ ᠴᠠᠭ᠄
2021/4/16
           4 ᠳ᠋ᠦ᠋ᠭᠡᠷ ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠶᠡᠷᠦᠩᠬᠡᠶ ᠲᠥᠰᠦᠯ︾ ᠤᠨ ᠲᠣᠭᠲᠠᠭᠠᠯ ᠢ ᠦᠨᠳᠦᠰᠦᠯᠡᠵᠦ᠂ 2021 ᠣᠨ ᠤ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠰᠢᠯᠭᠠᠯᠲᠠ ᠶᠢᠨ ᠬᠠᠮᠢᠶ᠎ᠠ ᠪᠦᠬᠦᠢ ᠠᠵᠢᠯ ᠨᠢᠭᠡᠨᠲᠡ 4 ᠳ᠋ᠦ᠋ᠭᠡᠷ ᠰᠠᠷ᠎ᠠ ᠶᠢᠨ 12 ᠤᠨ ᠡᠳᠦᠷ ᠠᠴᠠ ᠡᠬᠢᠯᠡᠪᠡ᠃        ᠣᠶᠢᠯᠠᠭᠠᠭᠰᠠᠨ ᠢᠶᠠᠷ᠂ ᠲᠣᠰ ᠤᠳᠠᠭᠠᠨ ᠤ ᠢᠯᠡ ᠪᠠᠷ ᠠᠵᠢᠯᠲᠠᠨ ᠡᠯᠰᠡᠬᠦ ᠰᠢᠯᠭᠠᠯᠲᠠ ᠥᠪᠡᠷᠲᠡᠭᠡᠨ ᠵᠠᠰᠠᠬᠤ ᠣᠷᠣᠨ ᠤ 36 ᠲᠢᠩᠬᠢᠮ ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠲᠠᠢ ᠬᠤᠯᠪᠣᠭᠳᠠᠵᠤ᠂ ᠨᠡᠶᠢᠲᠡ 912 ᠠᠵᠢᠯ ᠤᠨ ᠪᠠᠶᠢᠷᠢ ᠪᠣᠶ᠃ ᠡᠭᠦᠨ ᠳᠤ᠂ ᠨᠠᠮ ᠪᠠ ᠣᠯᠠᠨ ᠲᠦᠮᠡᠨ ᠤ ᠪᠦᠯᠬᠦᠮ ᠤᠨ ᠰᠢᠰᠲ᠋ᠧᠮ ᠤᠨ 13 ᠪᠠᠶᠢᠭᠤᠯᠭ᠎ᠠ ᠨᠢᠭᠡᠴᠢ᠂ 156 ᠬᠥᠮᠦᠨ ᠡᠯᠰᠡᠬᠦ ᠪᠠᠷ ᠲᠥᠯᠥᠪᠯᠡᠵᠦ ᠪᠣᠶ︔ ᠵᠠᠰᠠᠭ ᠤᠨ ᠣᠷᠳᠣᠨ ᠤ ᠰᠢᠰᠲ᠋ᠧᠮ ᠤᠨ 23 ᠪᠠᠶᠢᠭᠤᠯᠭ᠎ᠠ ᠨᠢᠭᠡᠴᠢ᠂ 756 ᠬᠥᠮᠦᠨ ᠡᠯᠰᠡᠬᠦ ᠪᠠᠷ ᠲᠥᠯᠥᠪᠯᠡᠵᠦ ᠪᠣᠶ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠨ ᠪᠠᠶᠢᠷᠢ ᠳᠤ 282 ᠬᠥᠮᠦᠨ᠂ ᠲᠥᠷᠥᠯ ᠵᠦᠢᠯ ᠤᠨ ᠠᠵᠢᠯᠲᠠᠨ 123 ᠬᠥᠮᠦᠨ᠂ ᠮᠣᠩᠭᠤᠯ ᠬᠢᠲᠠᠳ ᠬᠤᠣᠰ ᠬᠡᠯᠡᠨ ᠳᠤ ᠨᠡᠪᠲᠡᠷᠡᠭᠰᠡᠨ ᠠᠵᠢᠯᠲᠠᠨ 56 ᠬᠥᠮᠦᠨ ᠡᠯᠰᠡᠬᠦ ᠪᠠᠷ ᠪᠠᠶᠢᠨ᠎ᠠ᠃ ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠶᠢ ᠬᠤᠶᠠᠷ ᠱᠠᠲᠤ ᠬᠤᠪᠢᠶᠠᠨ ᠶᠠᠪᠤᠭᠳᠠᠭᠤᠯᠤᠨ᠎ᠠ᠄ ᠨᠢᠭᠡᠳᠦᠭᠡᠷ ᠱᠠᠲᠤ ᠨᠢ 4 ᠰᠠᠷ᠎ᠠ ᠶᠢᠨ 12 ᠤᠨ ᠡᠳᠦᠷ ᠤᠨ 9 ᠴᠠᠭ ᠠᠴᠠ 4 ᠰᠠᠷ᠎ᠠ ᠶᠢᠨ 15 ᠤ ᠡᠳᠦᠷ ᠤᠨ 12 ᠴᠠᠭ ᠪᠣᠯᠲᠠᠯ᠎ᠠ ᠶᠠᠪᠤᠭᠳᠠᠵᠤ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ᠂ ᠲᠥᠷᠥᠯ ᠵᠦᠢᠯ ᠤᠨ ᠠᠵᠢᠯᠲᠠᠨ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ᠎ᠡ︔ ᠬᠤᠶᠠᠳᠤᠭᠠᠷ ᠱᠠᠲᠤ ᠨᠢ 4 ᠰᠠᠷ᠎ᠠ ᠶᠢᠨ 21 ᠤ ᠡᠳᠦᠷ ᠤᠨ 9 ᠴᠠᠭ ᠠᠴᠠ 4 ᠰᠠᠷ᠎ᠠ ᠶᠢᠨ 24 ᠤ ᠡᠳᠦᠷ ᠤᠨ 12 ᠴᠠᠭ ᠪᠣᠯᠲᠠᠯ᠎ᠠ ᠶᠠᠪᠤᠭᠳᠠᠵᠤ᠂ ᠡᠩ ᠤᠨ ᠠᠵᠢᠯ ᠤᠨ ᠪᠠᠶᠢᠷᠢ ᠪᠠ ᠰᠢᠨᠵᠢ ᠴᠢᠨᠠᠷ ᠢ ᠨᠢ ᠬᠤᠪᠢᠷᠠᠭᠤᠯᠬᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ᠎ᠡ᠃ ᠪᠢᠷ ᠤᠨ ᠰᠢᠯᠭᠠᠯᠲᠠ ᠶᠢ 5 ᠰᠠᠷ᠎ᠠ ᠶᠢᠨ 22 ᠤᠨ ᠡᠳᠦᠷ ᠶᠠᠪᠤᠭᠳᠠᠭᠤᠯᠤᠨ᠎ᠠ᠂ ᠪᠣᠳᠠᠲᠠᠶ ᠲᠣᠬᠢᠷᠠᠭᠤᠯᠤᠯᠲᠠ ᠨᠢ᠄ 8 ᠴᠠᠭ 30 ᠮᠢᠨᠦ᠋ᠲ ᠠᠴᠠ 10 ᠴᠠᠭ ᠪᠣᠯᠲᠠᠯ᠎ᠠ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ︾᠂ 10 ᠴᠠᠭ ᠠᠴᠠ 12 ᠴᠠᠭ ᠪᠣᠯᠲᠠᠯ᠎ᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ︾ ᠪᠣᠯᠤᠨ᠎ᠠ᠃ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ ᠬᠢᠷᠢ ᠬᠡᠮ ᠤᠨ ᠳᠠᠬᠢᠨ ᠬᠢᠨᠠᠯᠲᠠ᠂ ᠨᠢᠭᠤᠷᠳᠠᠯ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ᠵᠡᠷᠭᠡ ᠠᠵᠢᠯ ᠢ ᠶᠠᠪᠤᠭᠳᠠᠭᠤᠯᠤᠨ᠎ᠠ᠃ ᠡᠯ᠎ᠡ ᠨᠢᠭᠡᠴᠢ ᠶᠢᠨ ᠠᠵᠢᠯᠲᠠᠨ ᠡᠯᠰᠡᠬᠦ ᠮᠡᠳᠡᠭᠳᠡᠯ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶ᠎ᠡ ︵http://impta.com︶ ᠶᠢᠨ ︽ᠰᠢᠯᠭᠠᠯᠲᠠ ᠶᠢᠨ ᠲᠤᠰᠬᠠᠶ ᠰᠡᠳᠦᠪᠲᠦ ᠲᠤᠰᠬᠠᠶ ᠪᠤᠯᠤᠩ︾᠂ ︽ᠠᠵᠢᠯ ᠦᠢᠯᠡᠰ ᠤᠨ ᠨᠢᠭᠡᠴᠢ ᠶᠢᠨ ᠰᠢᠯᠭᠠᠯᠲᠠ︾ ᠠᠴᠠ ᠣᠶᠢᠯᠠᠭᠠᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号