ᠰᠢ ᠶᠢᠨ ᠫᠢᠩ ᠭᠠᠳᠠᠭᠠᠳᠦ ᠤᠯᠤᠰ ᠤᠨ ᠰᠢᠨ᠎ᠠ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠡᠪᠰᠢᠬᠦᠯᠦᠭᠰᠡᠨ ᠲᠦᠷᠦ ᠶᠢᠨ ᠪᠢᠴᠢᠭ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2021/4/16
           ᠤᠯᠤᠰ ᠤᠨ ᠲᠡᠷᠢᠬᠦᠯᠡᠭᠴᠢ ᠰᠢ ᠶᠢᠨ ᠫᠢᠩ 14 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ 29 ᠤᠯᠤᠰ ᠤᠨ ᠰᠢᠨ᠎ᠠ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠡᠪᠰᠢᠬᠦᠯᠦᠭᠰᠡᠨ ᠲᠦᠷᠦ ᠶᠢᠨ ᠪᠢᠴᠢᠭ ᠢ ᠬᠦᠯᠢᠶᠡᠨ ᠠᠪᠤᠪᠠ᠃ 4 ᠰᠠᠷ᠎ᠠ ᠶᠢᠨ ᠪᠡᠭᠡᠵᠢᠩ ᠬᠤᠳᠠᠨ᠎ᠠ᠂ ᠬᠠᠪᠤᠷ ᠤᠨ ᠤᠷᠢ ᠪᠢᠯᠬᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠳᠦ ᠡᠬᠦᠳᠡᠨ ᠤ ᠭᠠᠳᠠᠨ᠎ᠠ᠂ ᠶᠤᠰᠤᠯᠠᠯ ᠤᠨ ᠴᠡᠷᠢᠭ ᠲᠡᠷᠢ ᠲᠡᠭᠰᠢ ᠬᠤᠶᠠᠷ ᠭᠠᠷᠯᠠᠨ ᠵᠤᠬᠰᠤᠵᠦ᠂ ᠪᠦᠷᠢᠶᠡᠴᠢᠳ ᠪᠦᠷᠢᠶ᠎ᠠ ᠪᠠᠨ ᠦᠯᠢᠶᠡᠨ᠂ ᠭᠠᠳᠠᠭᠠᠳᠦ ᠶᠢᠨ ᠡᠯᠴᠢᠨ ᠰᠠᠶᠢᠳ ᠢ ᠤᠬᠳᠤᠨ᠎ᠠ᠃          ᠡᠯᠴᠢᠨ ᠰᠠᠶᠢᠳ ᠨᠠᠷ ᠭᠠᠨᠳᠢᠬ ᠴᠢᠯᠠᠭᠤᠨ ᠢᠨᠳᠡᠷ ᠢᠶᠠᠷ ᠠᠯᠬᠤᠯᠠᠵᠦ᠂ ︽ᠠᠭᠤᠯᠠ ᠤᠰᠤᠨ ᠡᠶᠢᠨ ᠬᠦ ᠲᠠᠩᠰᠤᠬ ᠰᠠᠶᠢᠬᠠᠨ︾ ᠭᠡᠮᠡᠬᠦ ᠳᠤᠮᠤ ᠶᠡᠭᠡ ᠬᠠᠨ᠎ᠠ ᠶᠢᠨ ᠵᠢᠷᠤᠭ ᠤᠨ ᠡᠮᠦᠨ᠎ᠠ ᠬᠦᠷᠴᠦ᠂ ᠰᠢ ᠶᠢᠨ ᠫᠢᠩ ᠳᠤ ᠲᠦᠷᠦ ᠶᠢᠨ ᠪᠢᠴᠢᠭ ᠢᠶᠠᠨ ᠲᠡᠪᠰᠢᠬᠦᠯᠬᠦ ᠶᠢᠨ ᠬᠠᠮᠳᠦ ᠡᠯ᠎ᠠ ᠤᠯᠤᠰ ᠤᠨ ᠤᠳᠤᠷᠢᠳᠬᠤ ᠬᠦᠮᠦᠨ ᠤ ᠲᠡᠷᠢᠬᠦᠯᠡᠭᠴᠢ ᠰᠢ ᠶᠢᠨ ᠫᠢᠩ ᠳᠤ ᠲᠡᠪᠰᠢᠭᠦᠯᠦᠭᠰᠡᠨ ᠳᠤᠳᠤᠨᠤ ᠮᠡᠨᠳᠤᠴᠢᠯᠡᠯ ᠢ ᠳᠠᠮᠵᠢᠭᠤᠯᠪᠠ᠃        ᠳᠡᠳᠡ ᠪᠤᠯ᠄ ᠳᠤᠮᠳᠠᠳᠤ ᠤᠯᠤᠰ ᠲᠤ ᠰᠠᠭᠤᠭ᠎ᠠ ᠠᠹᠭᠠᠨᠢᠰᠲ᠋ᠠᠨ ᠤ ᠡᠯᠴᠢᠨ ᠰᠠᠶᠢᠳ ᠺᠠᠶᠢᠮᠦ᠋᠂ ᠳᠤᠮᠳᠠᠳᠤ ᠤᠯᠤᠰ ᠲᠤ ᠰᠠᠭᠤᠭ᠎ᠠ ᠭᠷᠸᠢᠠ᠋ ᠤᠨ ᠡᠯᠴᠢᠨ ᠰᠠᠶᠢᠳ ᠢᠯᠢ᠊ ᠊ ᠤᠫᠦᠯᠤᠰ᠂ ᠳᠤᠮᠳᠠᠳᠤ ᠤᠯᠤᠰ ᠲᠤ ᠰᠠᠭᠤᠭ᠎ᠠ ᠪᠤᠰᠨᠢᠶ᠎ᠠ ᠪᠠ ᠾᠧᠷᠽᠧᠭᠤᠸᠢᠨᠠ ᠶᠢᠨ ᠡᠯᠴᠢᠨ ᠰᠠᠶᠢᠳ ᠪᠦᠺᠸᠢᠴᠢ᠂ ᠳᠤᠮᠳᠠᠳᠤ ᠤᠯᠤᠰ ᠲᠤ ᠰᠠᠭᠤᠭ᠎ᠠ ᠮᠠᠳᠠᠭᠠᠰᠺᠠᠷ ᠤᠨ ᠡᠯᠴᠢᠨ ᠰᠠᠶᠢᠳ ᠷᠤᠪᠢᠨᠰᠤᠨ᠂ ᠳᠤᠮᠳᠠᠳᠤ ᠤᠯᠤᠰ ᠲᠤ ᠰᠠᠭᠤᠭ᠎ᠠ ᠢᠲ᠋ᠠᠯᠢ ᠶᠢᠨ ᠡᠯᠴᠢᠨ ᠰᠠᠶᠢᠳ ᠹᠧᠷᠠᠷᠢ᠂ ᠳᠤᠮᠳᠠᠳᠤ ᠤᠯᠤᠰ ᠲᠤ ᠰᠠᠭᠤᠭ᠎ᠠ ᠵᠡᠬᠦᠨ ᠲᠢᠮᠦᠷ ᠤᠨ ᠡᠯᠴᠢᠨ ᠰᠠᠶᠢᠳ ᠰᠠᠨᠲ᠋ᠤᠰ᠂ ᠳᠤᠮᠳᠠᠳᠤ ᠤᠯᠤᠰ ᠲᠤ ᠰᠠᠭᠤᠭ᠎ᠠ ᠮᠢᠺᠷᠦᠨᠧᠰᠢᠶ᠎ᠠ ᠶᠢᠨ ᠡᠯᠴᠢᠨ ᠰᠠᠶᠢᠳ ᠰᠢᠸᠠᠰ᠂ ᠳᠤᠮᠳᠠᠳᠤ ᠤᠯᠤᠰ ᠲᠤ ᠰᠠᠭᠤᠭ᠎ᠠ ᠰᠦᠳᠠᠨ ᠤ ᠡᠯᠴᠢᠨ ᠰᠠᠶᠢᠳ ᠵᠠᠹᠠᠷ᠂ ᠳᠤᠮᠳᠠᠳᠤ ᠤᠯᠤᠰ ᠲᠤ ᠰᠠᠭᠤᠭ᠎ᠠ ᠮᠠᠦ᠋ᠷᠢᠲ᠋ᠢᠦ᠋ᠰ ᠤᠨ ᠡᠯᠴᠢᠨ ᠰᠠᠶᠢᠳ ᠸᠠᠩ ᠴᠦᠨ ᠸᠠᠨ᠂ ᠳᠤᠮᠳᠠᠳᠤ ᠤᠯᠤᠰ ᠲᠤ ᠰᠠᠭᠤᠭ᠎ᠠ ᠨᠧᠫᠠᠯ ᠤᠨ ᠡᠯᠴᠢᠨ ᠰᠠᠶᠢᠳ ᠫᠠᠨᠲ᠋ᠢ᠂ ᠳᠤᠮᠳᠠᠳᠤ ᠤᠯᠤᠰ ᠲᠤ ᠰᠠᠭᠤᠭ᠎ᠠ ᠫᠠᠺᠢᠰᠲ᠋ᠠᠨ ᠤ ᠡᠯᠴᠢᠨ ᠰᠠᠶᠢᠳ ᠬᠠᠺ᠂ ᠳᠤᠮᠳᠠᠳᠤ ᠤᠯᠤᠰ ᠲᠤ ᠰᠠᠭᠤᠭ᠎ᠠ ᠮᠤᠯᠳᠤᠸᠠ ᠶᠢᠨ ᠡᠯᠴᠢᠨ ᠰᠠᠶᠢᠳ ᠪᠸᠢᠢᠯᠠᠺᠢᠱ᠂ ᠳᠤᠮᠳᠠᠳᠤ ᠤᠯᠤᠰ ᠲᠤ ᠰᠠᠭᠤᠭ᠎ᠠ ᠳ᠋ᠠᠨᠮᠠᠷᠺ ᠤᠨ ᠡᠯᠴᠢᠨ ᠰᠠᠶᠢᠳ ᠮᠤᠯᠧᠷ᠂ ᠳᠤᠮᠳᠠᠳᠤ ᠤᠯᠤᠰ ᠲᠤ ᠰᠠᠭᠤᠭ᠎ᠠ ᠪᠧᠯᠬᠢ ᠶᠢᠨ ᠡᠯᠴᠢᠨ ᠰᠠᠶᠢᠳ ᠾᠦᠭᠮᠠᠷᠲᠧᠨᠰ᠂ ᠳᠤᠮᠳᠠᠳᠤ ᠤᠯᠤᠰ ᠲᠤ ᠰᠠᠭᠤᠭ᠎ᠠ ᠤᠮᠠᠨ ᠤ ᠡᠯᠴᠢᠨ ᠰᠠᠶᠢᠳ ᠨᠠᠰᠠᠶᠢᠷ᠂ ᠳᠤᠮᠳᠠᠳᠤ ᠤᠯᠤᠰ ᠲᠤ ᠰᠠᠭᠤᠭ᠎ᠠ ᠭᠠᠮᠪᠢᠶ᠎ᠠ ᠶᠢᠨ ᠡᠯᠴᠢᠨ ᠰᠠᠶᠢᠳ ᠺᠢᠨᠲ᠋ᠢ ᠂ ᠳᠤᠮᠳᠠᠳᠤ ᠤᠯᠤᠰ ᠲᠤ ᠰᠠᠭᠤᠭ᠎ᠠ ᠲᠠᠵᠢᠺᠰᠲ᠋ᠠᠨ ᠤ ᠡᠯᠴᠢᠨ ᠰᠠᠶᠢᠳ ᠰᠠᠶ᠋ᠢᠳᠧᠽᠦ᠋ᠸᠧᠳᠠ᠂ ᠳᠤᠮᠳᠠᠳᠤ ᠤᠯᠤᠰ ᠲᠤ ᠰᠠᠭᠤᠭ᠎ᠠ ᠠᠩᠭ᠍ᠯᠢ ᠶᠢᠨ ᠡᠯᠴᠢᠨ ᠰᠠᠶᠢᠳ ᠸᠢᠯᠰᠦᠨ᠂ ᠳᠤᠮᠳᠠᠳᠤ ᠤᠯᠤᠰ ᠲᠤ ᠰᠠᠭᠤᠭ᠎ᠠ ᠸᠧᠨᠧᠽᠦ᠋ᠸ᠋ᠯᠠ ᠶᠢᠨ ᠡᠯᠴᠢᠨ ᠰᠠᠶᠢᠳ ᠫᠦᠯᠠᠰᠧᠨᠰᠢᠶᠠ᠂ ᠳᠤᠮᠳᠠᠳᠤ ᠤᠯᠤᠰ ᠲᠤ ᠰᠠᠭᠤᠭ᠎ᠠ ᠶᠠᠫᠤᠨ ᠤ ᠡᠯᠴᠢᠨ ᠰᠠᠶᠢᠳ ᠲᠠᠶᠢᠷᠤᠪᠢ ᠬᠢᠷᠤᠶᠦ᠋᠂ ᠳᠤᠮᠳᠠᠳᠤ ᠤᠯᠤᠰ ᠲᠤ ᠰᠠᠭᠤᠭ᠎ᠠ ᠡᠮᠤᠨᠡᠳᠤ ᠠᠹᠷᠢᠺᠠ ᠶᠢᠨ ᠡᠯᠴᠢᠨ ᠰᠠᠶᠢᠳ ᠺᠸᠢᠯᠧ᠂ ᠳᠤᠮᠳᠠᠳᠤ ᠤᠯᠤᠰ ᠲᠤ ᠰᠠᠭᠤᠭ᠎ᠠ ᠰᠷᠢ ᠯᠠᠨᠺᠠ ᠶᠢᠨ ᠡᠯᠴᠢᠨ ᠰᠠᠶᠢᠳ ᠺᠧᡁᠦ᠋ᠸᠧᠨᠠ᠂ ᠳᠤᠮᠳᠠᠳᠤ ᠤᠯᠤᠰ ᠲᠤ ᠰᠠᠭᠤᠭ᠎ᠠ ᠪᠧᠯᠤᠷᠦ᠋ᠰᠢᠶ᠎ᠠ ᠶᠢᠨ ᠡᠯᠴᠢᠨ ᠰᠠᠶᠢᠳ ᠶᠸᠤᠷᠢ᠂ ᠳᠤᠮᠳᠠᠳᠤ ᠤᠯᠤᠰ ᠲᠤ ᠰᠠᠭᠤᠭ᠎ᠠ ᠠᠶᠢᠷᠯᠠᠨᠳ᠋ ᠤᠨ ᠡᠯᠴᠢᠨ ᠰᠠᠶᠢᠳ ᠠᠨᠳᠠᠶᠢᠸᠧᠨ᠂ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ ᠸᠢᠲ᠋ᠠᠯᠢ᠂ ᠳᠤᠮᠳᠠᠳᠤ ᠤᠯᠤᠰ ᠲᠤ ᠰᠠᠭᠤᠭ᠎ᠠ ᠬᠢᠨᠧᠶᠠ ᠶᠢᠨ ᠡᠯᠴᠢᠨ ᠰᠠᠶᠢᠳ ᠡᠸ᠋ᠨᠪᠠᠯᠣ᠋᠂ ᠳᠤᠮᠳᠠᠳᠤ ᠤᠯᠤᠰ ᠲᠤ ᠰᠠᠭᠤᠭ᠎ᠠ ᠰᠤᠯᠤᠩᠭᠤᠰ ᠤᠨ ᠡᠯᠴᠢᠨ ᠰᠠᠶᠢᠳ ᠯᠢ ᠯᠦᠩ ᠨᠠᠨ᠂ ᠳᠤᠮᠳᠠᠳᠤ ᠤᠯᠤᠰ ᠲᠤ ᠰᠠᠭᠤᠭ᠎ᠠ ᠢᠷᠠᠺ ᠤᠨ ᠡᠯᠴᠢᠨ ᠰᠠᠶᠢᠳ ᠰᠠᠶᠢᠶ᠋ᠢᠳᠧ᠂ ᠳᠤᠮᠳᠠᠳᠤ ᠤᠯᠤᠰ ᠲᠤ ᠰᠠᠭᠤᠭ᠎ᠠ ᠠᠷᠭᠧᠨ᠋ᠲ᠋ᠢᠨ ᠤ ᠡᠯᠴᠢᠨ ᠰᠠᠶᠢᠳ ᠨᠠᠷᠸᠠᠵᠠ ᠪᠤᠯᠤᠨ᠎ᠠ᠃ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠢᠰᠲ᠋ᠧᠮ ᠤᠨ ᠰᠢᠨ᠎ᠠ ᠲᠤᠮᠢᠯᠠᠬᠰᠠᠨ ᠳᠤᠮᠳᠠᠳᠤ ᠤᠯᠤᠰ ᠲᠤ ᠰᠠᠭᠤᠭ᠎ᠠ ᠵᠤᠬᠢᠴᠠᠭᠤᠯᠤᠬᠴᠢ ᠴᠠᠳ᠋ᠲᠧᠷᠵᠧ ᠲᠤᠮᠢᠯᠠᠯᠳᠠ ᠶᠢᠨ ᠪᠢᠴᠢᠭ ᠢᠶᠠᠨ ᠲᠡᠪᠰᠢᠬᠦᠯᠪᠠ᠃        ᠰᠢ ᠶᠢᠨ ᠫᠢᠩ ᠲᠡᠳᠡᠨ ᠲᠠᠢ ᠬᠠᠮᠳᠤ ᠶᠢᠨ ᠬᠡᠷᠡᠯ ᠵᠢᠷᠤᠭ ᠲᠠᠳᠠᠭᠤᠯᠤᠭᠰᠠᠨ ᠪᠦᠬᠡᠤᠨ ᠶᠠᠷᠢᠶ᠎ᠠ ᠲᠠᠯᠪᠢᠵᠠᠢ᠃        ᠰᠢ ᠶᠢᠨ ᠫᠢᠩ ᠡᠯᠴᠢᠨ ᠰᠠᠶᠢᠳ ᠨᠠᠷ ᠢ ᠡᠯ᠎ᠠ ᠤᠯᠤᠰ ᠤᠨ ᠤᠳᠤᠷᠢᠳᠬᠤ ᠬᠦᠮᠤᠰ ᠲᠤ ᠲᠡᠪᠰᠢᠬᠦᠯᠦᠭᠰᠡᠨ ᠰᠠᠶᠢᠨ ᠰᠠᠶᠢᠬᠠᠨ ᠮᠡᠨᠳᠤᠴᠢᠯᠠᠯ ᠢ ᠨᠢ ᠲᠠᠮᠵᠢᠭᠤᠯᠵᠤ ᠦᠭᠬᠦ ᠶᠢ ᠬᠦᠰᠡᠪᠠ᠃ ᠰᠢ ᠶᠢᠨ ᠫᠢᠩ᠂ ᠦᠩᠬᠡᠷᠡᠭᠰᠡᠨ ᠨᠢᠬᠡ ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠡᠯ᠎ᠠ ᠤᠯᠤᠰ ᠤᠨ ᠠᠷᠠᠳ ᠲᠦᠮᠡᠨ ᠲᠠᠢ ᠬᠠᠮᠳᠤ ᠬᠠᠳᠠᠭᠤ ᠪᠡᠷᠬᠡᠰᠢᠶᠠᠯ ᠢ ᠬᠠᠮᠳᠤ ᠪᠠᠷ ᠲᠤᠭᠤᠯᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠬᠠᠮᠳᠤ ᠪᠠᠷ ᠲᠡᠮᠡᠴᠡᠵᠤ᠂ ᠤᠯᠠᠨ ᠤᠯᠤᠰ ᠤᠨ ᠨᠦᠬᠦᠷᠰᠡᠭ ᠬᠠᠮᠳᠤᠷᠠᠯᠴᠠᠭᠠᠨ ᠤ ᠰᠢᠨ᠎ᠠ ᠬᠠᠭᠤᠳᠠᠰᠤ ᠶᠢ ᠪᠢᠴᠢᠭᠯᠡᠪᠡ᠃ ᠡᠨᠡ ᠵᠢᠯ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ᠂ ᠮᠦᠨ ᠴᠤ ᠳᠤᠮᠳᠠᠳᠤ ᠤᠯᠤᠰ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠤᠪᠵᠢᠬᠦᠯᠬᠡ ᠶᠢ ᠭᠡᠷᠡᠭᠵᠢᠬᠦᠯᠬᠦ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ ᠠᠩᠬᠠᠨ ᠤ ᠵᠢᠯ ᠪᠤᠯᠤᠨ᠎ᠠ᠃ ᠲᠤᠮᠳᠠᠳᠤ ᠤᠯᠤᠰ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠡᠷᠡᠰ ᠲᠤᠭᠤᠰᠢᠯᠠᠭᠤᠯᠤᠨ᠂ ᠰᠢᠨ᠎ᠡ ᠬᠦᠭᠵᠢᠯᠳᠠ ᠶᠢᠨ ᠪᠠᠶᠢᠷᠢᠰᠢᠯ ᠢ ᠢᠳᠡᠪᠬᠢᠳᠠᠢ ᠪᠠᠶᠢᠭᠤᠯᠵᠤ᠂ ᠲᠤᠮᠳᠠᠳᠤ ᠤᠯᠤᠰ ᠤᠨ ᠬᠦᠭᠵᠢᠯᠳᠠ ᠪᠠᠷ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠠᠰᠢᠭ ᠬᠦᠷᠳᠡᠭᠡᠬᠦ ᠪᠤᠯᠤᠨ᠎ᠡ᠃ ᠡᠨᠡ ᠵᠢᠯ ᠪᠤᠯ ᠪᠠᠰᠠ ᠴᠤ ᠲᠤᠮᠳᠠᠳᠤ ᠤᠯᠤᠰ ᠤᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠬᠠᠤᠯᠢ ᠶᠤᠰᠤᠨ ᠤ ᠪᠠᠶᠢᠷᠢ ᠰᠠᠭᠤᠷᠢ ᠪᠠᠨ ᠰᠡᠷᠬᠦᠭᠡᠭᠰᠡᠨ 50 ᠵᠢᠯ ᠤᠨ ᠤᠢ᠂ ᠲᠡᠯᠡᠭᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠳᠤ ᠤᠷᠤᠬᠰᠡᠨ 20 ᠵᠢᠯ ᠤᠨ ᠤᠢ ᠪᠤᠯᠤᠨ᠎ᠡ᠃ ᠲᠤᠮᠳᠠᠳᠤ ᠤᠯᠤᠰ ᠲᠤᠷᠠᠳᠠᠶ᠎ᠡ ᠡᠯ᠎ᠡ ᠤᠯᠤᠰ ᠲᠠᠢ ᠬᠠᠮᠳᠤ ᠪᠠᠷ᠂ ᠤᠯᠠᠨ ᠲᠠᠯᠠᠳᠤ ᠦᠵᠡᠯ ᠢ ᠡᠷᠡᠰ ᠲᠠᠮᠵᠢᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠷ ᠭᠤᠤᠯ ᠪᠤᠯᠭᠠᠬᠰᠡᠨ ᠤᠯᠠᠨ ᠤᠯᠤᠰ ᠤᠨ ᠰᠢᠰᠲ᠋ᠧᠮ ᠪᠠ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠡᠨ ᠤᠯᠠᠨ ᠤᠯᠤᠰ ᠤᠨ ᠡᠮᠬᠢ ᠲᠢᠭᠯᠢᠮ ᠢ ᠬᠠᠮᠠᠭᠠᠯᠠᠵᠤ᠂ ᠤᠯᠠᠨ ᠲᠠᠯ᠎ᠡ ᠶᠢᠨ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠡᠷᠡᠰ ᠠᠬᠢᠭᠤᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠴᠤᠬᠴᠠ ᠶᠢ ᠪᠠᠶᠢᠭᠤᠯᠬᠤ ᠶᠢ ᠠᠬᠢᠭᠤᠯᠤᠨ᠎ᠡ᠃ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠢ ᠢᠷᠡᠬᠦ ᠵᠢᠯ ᠡᠷᠬᠢᠯᠡᠨ᠎ᠡ᠃ ᠡᠯ᠎ᠡ ᠲᠠᠯ᠎ᠡ ᠶᠢᠨ ᠬᠢᠨ ᠤ ᠢᠳᠡᠪᠬᠢᠳᠠᠢ ᠲᠠᠮᠵᠢᠯᠭᠡ ᠪᠠ ᠤᠷᠤᠯᠴᠠᠯᠭ᠎ᠠ ᠲᠤᠤᠷ᠎ᠡ᠂ ᠪᠢᠳᠠ ᠬᠢᠵᠢᠭ ᠤᠨ ᠪᠠᠶᠢᠳᠠᠯ ᠤᠨ ᠨᠦᠯᠦᠭᠡ ᠶᠢ ᠢᠯᠠᠨ ᠲᠠᠪᠠᠵᠤ᠂ ᠠᠷᠪᠢᠯᠡᠨ ᠭᠠᠮᠨᠠᠬᠰᠡᠨ᠂ ᠠᠮᠤᠷ ᠲᠦᠪᠰᠢᠨ᠂ ᠭᠤᠶᠢᠳᠠ ᠰᠠᠶᠢᠬᠠᠨ ᠨᠢᠭᠡ ᠬᠤᠭᠤᠴᠠᠭᠠᠨ ᠤ ᠤᠯᠢᠮᠫᠢᠺ ᠤᠨ ᠲᠠᠮᠢᠷ ᠤᠨ ᠴᠤᠬᠯᠠᠭᠠᠨ ᠤ ᠦᠪᠡᠳᠡᠭᠰᠢ ᠨᠠᠶᠢᠷ ᠢ ᠡᠷᠬᠢᠯᠡᠬᠦ ᠳᠤ ᠢᠳᠡᠭᠡᠯ ᠲᠦᠬᠦᠷᠡᠩ ᠪᠠᠶᠢᠨ᠎ᠡ ᠭᠡᠵᠤ ᠵᠢᠭᠠᠵᠤ ᠭᠠᠷᠭᠠᠪᠠ᠃        ᠰᠢ ᠶᠢᠨ ᠫᠢᠩ᠂ ᠲᠤᠮᠳᠠᠳᠤ ᠤᠯᠤᠰ ᠤᠨ ᠠᠷᠠᠳ ᠲᠦᠮᠡᠨ ᠤᠤᠯ ᠠᠴᠠ ᠪᠠᠨ ᠨᠦᠬᠦᠷᠯᠡᠯ ᠢ ᠨᠠᠨᠳᠢᠩᠨᠡᠵᠤ᠂ ᠡᠩᠭᠡ ᠲᠠᠶᠢᠪᠤᠩ ᠢ ᠡᠷᠬᠢᠮᠯᠡᠳᠡᠭ᠂ ᠲᠤᠷᠠᠳᠠᠶ᠎ᠡ ᠡᠷᠭᠡ ᠲᠡᠭᠰᠢ ᠬᠠᠷᠢᠯᠴᠠᠨ ᠠᠰᠢᠬᠳᠠᠢ ᠰᠠᠭᠤᠷᠢᠨ ᠲᠡᠭᠡᠷ᠎ᠡ ᠡᠯ᠎ᠡ ᠤᠯᠤᠰ ᠤᠨ ᠠᠷᠠᠳ ᠲᠦᠮᠡᠨ ᠯᠦᠭᠡ ᠨᠦᠬᠦᠷᠯᠡᠯ ᠢᠶᠠᠨ ᠵᠤᠵᠠᠭᠠᠳᠬᠠᠵᠤ᠂ ᠢᠳᠡᠭᠡᠯᠴᠡᠭᠡ ᠪᠠᠨ ᠨᠡᠮᠡᠭᠳᠡᠬᠦᠯᠤᠨ᠂ ᠬᠠᠮᠳᠤᠷᠠᠯᠴᠠᠭ᠎ᠠ ᠪᠠᠨ ᠦᠷᠭᠡᠳᠭᠡᠵᠤ ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠳᠤ ᠪᠠᠷ ᠪᠦᠳᠦᠭᠡᠨ ᠪᠠᠶᠢᠭᠤᠯᠤᠨ᠎ᠡ᠃ ᠡᠯᠴᠢᠨ ᠰᠠᠶᠢᠳ ᠨᠠᠷ ᠤᠨ ᠬᠤᠶᠠᠷ ᠲᠠᠯ᠎ᠡ ᠶᠢᠨ ᠬᠠᠷᠢᠯᠴᠠᠭ᠎ᠠ ᠶᠢᠨ ᠬᠦᠭᠵᠢᠯᠳᠠ ᠪᠠ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠤᠯᠤᠨ ᠲᠤᠮᠳᠠᠳᠤ ᠤᠯᠤᠰ ᠤᠨ ᠬᠠᠮᠳᠤᠷᠠᠯᠴᠠᠭ᠎ᠠ ᠶᠢ ᠠᠬᠢᠭᠤᠯᠬᠤ ᠳᠤ ᠢᠳᠡᠪᠬᠢᠳᠠᠢ ᠬᠤᠪᠢ ᠨᠠᠮᠠᠷᠢ ᠦᠵᠡᠬᠦᠯᠬᠦ ᠶᠢ ᠬᠦᠰᠡᠵᠤ ᠪᠠᠶᠢᠨ᠎ᠡ ᠭᠡᠵᠤ ᠴᠢᠬᠤᠯᠠᠴᠢᠯᠠᠪᠠ᠃        ᠸᠠᠩ ᠢ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号