| ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠤᠢᠢᠷ᠎ᠠ ᠶᠢᠨ ᠡᠳᠦᠷ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠴᠦ ᠵᠠᠰᠠᠬᠤ ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ᠂ ᠤᠢᠢᠷ᠎ᠠ ᠶᠢᠨ ᠵᠢᠯ ᠠᠴᠠ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ | ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠭᠡᠳ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠰᠢᠰᠲ᠋ᠧᠮᠳᠦ ᠦᠵᠡᠯᠲᠡ ᠪᠠ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠨ᠂ ᠡᠬᠢ ᠡᠭᠦᠰᠦᠯ ᠠᠴᠠ ᠨᠢ ᠵᠠᠰᠠᠬᠤ ᠪᠠ | ᠶᠡᠷᠦᠩᠬᠡᠶᠢᠯᠡᠨ ᠵᠠᠰᠠᠬᠤ ᠶᠢ ᠴᠢᠬᠤᠯᠠᠴᠢᠯᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠪᠠ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠨ᠂ ᠴᠣᠬᠢᠯᠲᠠ ᠥᠭᠬᠦ ᠤᠷᠢᠳᠴᠢᠯᠡᠨ ᠰᠡᠷᠭᠡᠶᠢᠯᠡᠬᠦ ᠬᠠᠮᠢᠶᠠᠷᠤᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠪᠣᠯᠤᠨ ᠮᠥᠩᠭᠦᠨ ᠭᠦᠢᠯᠭᠡᠭᠡᠨ᠂ ᠴᠢᠮᠡᠭᠡ ᠬᠤᠯᠪᠣᠭ᠎ᠠ᠂ ᠢᠨᠲ᠋ᠧᠷ ᠰᠦᠯᠵᠢᠶ᠎ᠡ | ᠵᠡᠷᠭᠡ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠤᠬᠠᠭᠤᠯᠭ᠎ᠠ ᠬᠥᠮᠦᠵᠢᠯ | ᠰᠡᠷᠭᠡᠶᠢᠯᠡᠯᠲᠡ ᠶᠢ ᠴᠢᠩᠭᠠᠳᠬᠠᠵᠤ᠂ ᠤᠯᠠᠨ ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠠᠬᠢᠭᠤᠯᠤᠨ᠂ ᠡᠶᠢᠮᠦ | ᠲᠦᠷᠦᠯ ᠤᠨ ᠶᠠᠯᠠᠲᠤ ᠠᠵᠢᠯᠯᠠᠭ᠎ᠠ ᠤᠯᠠᠨ ᠡᠭᠦᠰᠬᠦ ᠪᠠᠶᠢᠳᠠᠯ ᠢ ᠡᠷᠡᠰ ᠬᠤᠷᠢᠬᠯᠠᠵᠤ᠂ ᠨᠡᠩ ᠥᠨᠳᠥᠷ ᠲᠦᠪᠰᠢᠨ ᠪᠦᠬᠦᠢ | ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ ᠤᠨ ᠳᠤᠮᠳᠠᠳᠤ ᠤᠯᠤᠰ ᠢ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠬᠦ ᠭᠡᠷᠡᠭᠳᠡᠢ ᠭᠡᠵᠤ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠥᠭᠴᠦ᠂ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠤᠨ ᠭᠦᠨᠵᠡᠭᠡᠶᠢᠷᠡᠭᠦᠯᠵᠦ᠂ ᠠᠷᠠᠳ ᠤᠯᠠᠨ ᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ | ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠪᠦᠬᠦ ᠤᠯᠤᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠲᠧᠯᠸᠢᠰ ᠤᠲᠠᠰᠤ ᠬᠤᠷᠠᠯ 8 ᠤ ᠡᠳᠦᠷ ᠪᠡᠭᠡᠵᠢᠩ ᠳᠤ | ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠺᠧ ᠴᠢᠶᠠᠩ ᠤᠨ ᠴᠣᠬᠤᠯᠠᠪᠤᠷᠢ ᠶᠢ | ᠤᠯᠠᠮᠵᠢᠯᠠᠪᠠ᠃ ᠲᠦᠷᠦ ᠶᠢᠨ ᠶᠠᠪᠤᠳᠠᠯ ᠤᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠤᠯᠪᠣᠭ᠎ᠠ | ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ | ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠶᠡᠷᠦᠩᠬᠡᠢ ᠬᠤᠷᠠᠯᠳᠤᠭᠤᠯᠤᠭᠴᠢ ᠵᠤᠤ ᠺᠧ ᡁᠢ ᠬᠤᠷᠠᠯ | ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠣᠳᠣᠬᠠᠨ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ ᠵᠠᠰᠠᠬᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠨ ᠦᠭᠴᠤ᠂ | ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ | ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠣᠬᠢᠯᠲᠠ ᠥᠭᠬᠦ ᠤᠷᠢᠳᠴᠢᠯᠡᠨ ᠰᠡᠷᠭᠡᠶᠢᠯᠡᠬᠦ ᠬᠠᠮᠢᠶᠠᠷᠤᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠷᠢᠯᠢᠭ ᠠᠳᠬᠤᠵᠤ ᠪᠣᠳᠠᠲᠠᠶ ᠠᠳᠬᠤᠨ ᠪᠣᠳᠠᠲᠠᠶ ᠳᠤ | ᠨᠠᠶᠢᠳᠠᠪᠤᠷᠢᠵᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶᠢᠳᠠᠯ ᠢ | ᠡᠷᠡᠰ ᠬᠤᠷᠢᠬᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠬᠡᠷᠡᠭᠲᠡᠶ ᠭᠡᠵᠦ ᠵᠢᠭᠠᠵᠤ ᠭᠠᠷᠭᠠᠵᠠᠢ᠃ |