ᠬᠤᠩᠱᠠᠨ ᠲᠣᠭᠤᠷᠢᠭ ᠤᠨ 2020 ᠣᠨ ᠤ ᠤᠯᠤᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ 2021 ᠣᠨ ᠤ ᠲᠦᠯᠦᠪᠯᠡᠭᠡ ᠶᠢᠨ ᠲᠥᠰᠦᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/4/2
                 - 2021ᠣᠨ ᠤ 3 ᠰᠠᠷ᠎ᠠ ᠶᠢᠨ 2 ᠤᠨ ᠡᠳᠦᠷ                  ᠣᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ                  ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ                  ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ                  ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ    ᠱᠢ ᠯᠸᠢᠲᠦᠯᠦᠭᠡᠯᠡᠭᠴᠢᠳ ᠡ᠄        ᠪᠢ ᠠᠷᠠᠳ ᠤᠨ ᠵᠠᠰᠠᠭ ᠤᠨ ᠣᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ︽ᠬᠤᠩᠱᠠᠨ ᠲᠣᠭᠤᠷᠢᠭ ᠤᠨ 2020 ᠣᠨ ᠤ ᠤᠯᠤᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ 2021 ᠣᠨ ᠤ ᠲᠦᠯᠦᠪᠯᠡᠭᠡ ᠶᠢᠨ ᠲᠥᠰᠦᠯ ︾ ᠤᠨ ᠮᠡᠳᠡᠭᠦᠯᠦᠯᠲᠡ ᠬᠢᠶ᠎ᠡ᠂ ᠬᠢᠨᠡᠨ ᠵᠦᠪᠯᠡᠬᠦ ᠪᠣᠯᠪᠠᠦ᠃        ᠨᠢᠭᠡ᠂ 2020 ᠣᠨ ᠤ ᠲᠣᠭᠤᠷᠢᠭ ᠤᠨ ᠤᠯᠤᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ        2020 ᠣᠨ ᠳᠤ ᠬᠢᠵᠢᠭ ᠤᠨ ᠨᠦᠯᠦᠭᠡ ᠶᠢ ᠬᠦᠷᠲᠡᠭᠰᠡᠨ ᠴᠦ ᠮᠠᠨ ᠤ ᠲᠣᠭᠤᠷᠢᠭ ᠨᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠵᠦᠪ ᠤᠳᠤᠷᠢᠳᠤᠯᠭ᠎ᠠ ᠳᠤᠤᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ︽ᠵᠢᠷᠭᠤᠭᠠᠨ ᠲᠤᠭᠲᠠᠭᠤᠨ︾ ᠤ ᠠᠵᠢᠯ ᠢ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠰᠡᠷᠭᠡᠶᠢᠯᠡᠯᠲᠡ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠡ ᠲᠦᠷᠦᠯ ᠤᠨ ᠠᠵᠢᠯ ᠢ ᠨᠢᠭᠡᠲᠦᠯᠲᠡᠢ ᠲᠦᠯᠦᠪᠵᠢᠭᠦᠯᠬᠦ ᠶᠢ ᠠᠬᠢᠭᠤᠯᠵᠤ᠂ ᠲᠣᠭᠤᠷᠢᠭ ᠤᠨ ᠠᠵᠤ ᠠᠬᠤᠢ ᠶᠢ ᠦᠷᠭᠦᠯᠵᠢᠯᠡᠨ ᠲᠣᠭᠲᠠᠭᠤᠨ ᠠᠬᠢᠭᠤᠯᠵᠤ᠂  ᠨᠡᠶᠢᠭᠡᠮ ᠤᠨ ᠶᠡᠭᠡ ᠬᠠᠨᠳᠤᠰᠢ ᠶᠢᠨ ᠡᠶ᠎ᠡ ᠵᠤᠬᠢᠴᠠᠯᠲᠠᠢ ᠲᠤᠭᠲᠠᠭᠤᠨ ᠢ ᠪᠠᠲᠤᠯᠠᠵᠤ᠂  ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠦᠯᠦᠪᠵᠢᠭᠦᠯᠭᠡ ᠶᠢᠨ ᠠᠮᠵᠢᠯᠲᠠ ᠲᠠᠢ ᠪᠠᠷ ᠦᠨᠳᠦᠷᠯᠡᠬᠦ ᠶᠢ ᠪᠠᠲᠤᠯᠠᠪᠠ᠃ ᠪᠦᠬᠦ ᠵᠢᠯ ᠤᠨ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ298.2 ᠳ᠋ᠦᠩᠰᠢᠭᠤᠷ ᠲᠦᠭᠦᠷᠢᠭ ᠬᠦᠷᠴᠦ᠂ 1.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 101.1 ᠳ᠋ᠦᠩᠰᠢᠭᠤᠷ ᠲᠦᠭᠦᠷᠢᠭ ᠬᠦᠷᠴᠦ᠂ 17.2% ᠢᠶᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 158 ᠳ᠋ᠦᠩᠰᠢᠭᠤᠷ ᠲᠦᠭᠦᠷᠢᠭ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠤᠯᠭ᠎ᠠ 28.6 ᠳ᠋ᠦᠩᠰᠢᠭᠤᠷ ᠲᠦᠭᠦᠷᠢᠭ᠂ 6% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠤᠯᠭ᠎ᠠ 38959 ᠲᠦᠭᠦᠷᠢᠭ᠂ 2% ᠢᠶᠠᠷ ᠨᠡᠮᠡᠭᠳᠡᠪᠡ᠃ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠤᠯᠭ᠎ᠠ23148 ᠲᠦᠭᠦᠷᠢᠭ᠂ 8.6%  ᠪᠠᠷ ᠨᠡᠮᠡᠭᠳᠡᠪᠡ᠃        ︵ᠨᠢᠭᠡ︶ ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠠᠬᠢᠪᠠ᠃        ︵ᠬᠤᠶᠠᠷ︶ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠠᠵᠤ ᠳᠡᠰ ᠳᠡᠪᠰᠢᠭᠦᠯᠬᠦ ᠶᠢ ᠲᠠᠰᠤᠷᠠᠯᠲᠠ ᠦᠭᠡᠢ ᠠᠬᠢᠭᠤᠯᠪᠠ᠃        ︵ᠭᠤᠷᠪᠠ︶ ᠤᠳᠤ ᠥᠶ᠎ᠡ ᠶᠢᠨ ᠦᠢᠯᠡᠴᠢᠯᠡᠭᠡᠨ ᠤ ᠦᠢᠯᠡᠰ ᠯᠠᠪᠳᠠᠭᠤᠨ ᠬᠦᠭᠵᠢᠪᠡ᠃        ︵ᠲᠥᠷᠪᠡ︶ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠵᠢᠭᠦᠯᠵᠦ ᠨᠡᠶᠢᠳᠡᠮ ᠠᠬᠢᠭᠤᠯᠪᠠ᠃        ︵ᠲᠠᠪᠤ︶ ᠦᠭᠡᠷᠡᠴᠢᠯᠡᠯᠲᠡ ᠪᠠ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠪᠠ᠃        ︵ᠵᠢᠷᠭᠤᠭ᠎ᠠ︶ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠪᠡ᠃        ᠬᠤᠶᠠᠷ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢᠨ ᠲᠤᠬᠢᠷᠠᠭᠤᠯᠤᠯᠲᠠ        2021ᠣᠨ ᠪᠣᠯ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠥᠨᠥ ᠵᠢᠯ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠵᠢᠯ ᠢ ᠰᠠᠶᠢᠲᠤᠷ ᠬᠢᠬᠦ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠠᠶᠢᠨ ᠢ ᠵᠠᠯᠭᠠᠵᠤ ᠰᠢᠯᠢᠳᠡᠭ ᠢ ᠤᠯᠠᠮᠵᠢᠯᠠᠬᠤ᠂ ᠲᠣᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦᠶᠢᠴᠡ ᠡᠷᠡᠭᠦᠯ ᠬᠦᠭᠵᠢᠯᠲᠡ ᠶᠢ ᠲᠦᠷᠭᠡᠪᠴᠢᠯᠡᠨ ᠠᠬᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ᠃ ᠮᠠᠨ ᠤ ᠲᠣᠭᠤᠷᠢᠭ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠣᠭᠤᠷᠢᠨ ᠪᠠᠶᠢᠴᠠᠭᠠᠬᠤ ᠥᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠰᠠᠭ᠎ᠠ ᠰᠠᠶᠢᠲᠠᠢ ᠬᠦᠭᠵᠢᠯᠲᠡ ᠶᠢ ᠪᠠᠲᠤᠲᠠᠢ ᠠᠬᠢᠭᠤᠯᠵᠤ᠂ ᠤᠯᠤᠰ ᠤᠨ ᠲᠤᠲᠤᠭᠠᠳᠤ ᠶᠢᠨ ᠶᠡᠭᠡ ᠣᠷᠴᠢᠯ ᠢᠶᠠᠷ ᠭᠤᠣᠯ ᠴᠤᠭᠴᠠ ᠪᠣᠯᠭᠠᠨ᠂ ᠤᠯᠤᠰ ᠤᠨ ᠲᠣᠲᠤᠭᠠᠳᠤ ᠪᠠ ᠳᠡᠯᠡᠬᠡᠢ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠦᠭᠵᠢᠯᠲᠡ ᠶᠢᠨ ᠪᠠᠶᠢᠷᠢᠰᠢᠯ ᠳᠤ ᠲᠦᠷᠭᠡᠪᠴᠢᠯᠡᠨ ᠲᠤᠬᠢᠷᠠᠯᠴᠠᠵᠤ᠂  ᠲᠤᠭᠲᠠᠭᠤᠨ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠨᠢᠭᠡᠲᠦᠯᠲᠡᠢ ᠲᠦᠯᠦᠪᠵᠢᠭᠦᠯᠦᠨ ᠨᠡᠶᠢᠳᠡᠮ ᠳᠤᠨᠢ ᠠᠬᠢᠭᠤᠯᠵᠤ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠰᠠᠶᠢᠬᠠᠨ ᠡᠬᠢᠯᠡᠬᠦ ᠶᠢ ᠪᠠᠲᠤᠯᠠᠵᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠰᠢᠯᠢᠳᠡᠭ ᠪᠦᠲᠦᠮᠵᠢ ᠪᠠᠷ ᠤᠭᠲᠤᠨ᠎ᠠ᠃        ᠪᠤᠲᠠᠲᠠᠢ ᠲᠠᠢ ᠤᠶᠠᠯᠳᠤᠭᠤᠯᠤᠨ ᠲᠤᠭᠲᠠᠭᠠᠭᠰᠠᠨ ᠮᠠᠨ ᠤ ᠲᠣᠭᠤᠷᠢᠭ ᠤᠨ 2021 ᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠪᠣᠯᠬᠤ ᠬᠠᠷᠠᠯᠲᠠ ᠪᠣᠯ᠄- ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ 6% ᠣᠷᠴᠢᠮ᠃- ᠡᠩ ᠤᠨ ᠤᠯᠠᠨ ᠨᠡᠶᠢᠲᠡ ᠶᠢᠨ ᠲᠥᠰᠦᠪ ᠤᠨ ᠣᠷᠤᠯᠭ᠎ᠠ ᠶᠢᠨ ᠨᠡᠮᠡᠭᠳᠡᠯ 7% ᠣᠷᠴᠢᠮ᠃- ᠬᠡᠪᠴᠢᠶᠡᠵᠢᠯ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 6% ᠣᠷᠴᠢᠮ᠃- ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ 6% ᠣᠷᠴᠢᠮ᠃- ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠤᠯᠭ᠎ᠠ ᠶᠢᠨ ᠨᠡᠮᠡᠭᠳᠡᠯ 7% ᠣᠷᠴᠢᠮ᠃- ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠤᠯᠭ᠎ᠠ ᠶᠢᠨ ᠨᠡᠮᠡᠭᠳᠡᠯ 7% ᠣᠷᠴᠢᠮ᠃- ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠲᠤᠲᠤᠷ᠎ᠠ  ᠪᠠᠶᠢᠬᠤ ᠶᠢ ᠪᠠᠲᠤᠯᠠᠪᠠ᠃        ︵ᠨᠢᠭᠡ︶ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠤᠳᠤ ᠥᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ        ︵ᠬᠤᠶᠠᠷ︶ ᠲᠦᠷᠦᠯ ᠵᠦᠢᠯ ᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠶᠢ ᠦᠨᠡᠨᠬᠦ ᠯᠠᠪᠳᠠᠭᠤᠨ ᠪᠠᠲᠤᠲᠠᠢ ᠲᠠᠯᠪᠢᠨ᠎ᠠ        ︵ᠭᠤᠷᠪᠠ︶ ᠦᠭᠡᠷᠡᠴᠢᠯᠡᠯᠲᠡ᠂ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠤ ᠠᠬᠤᠢ ᠶᠢᠨ ᠬᠦᠭᠵᠢᠯᠲᠡ ᠶᠢᠨ ᠨᠢᠭᠤᠭᠳᠠᠮᠠᠯ ᠬᠦᠴᠦᠨ ᠢ ᠨᠡᠮᠡᠭᠳᠡᠭᠦᠯᠬᠦ ᠪᠠᠷ ᠬᠦᠴᠦᠯᠡᠨ᠎ᠡ        ︵ᠳᠥᠷᠪᠡ︶ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠦᠵᠡᠰᠬᠦᠯᠡᠩᠲᠦ ᠬᠤᠲᠠ ᠬᠦᠳᠡᠭᠡ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ        ︵ᠲᠠᠪᠤ︶ ᠠᠷᠠᠳ ᠤᠨ ᠠᠮᠢᠳᠤᠷᠠᠯ ᠤᠨ ᠰᠠᠶᠢᠵᠢᠷᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠨᠡᠶᠢᠭᠡᠮ ᠤᠨ ᠡᠶ᠎ᠡ ᠵᠤᠬᠢᠴᠠᠯᠲᠤ ᠬᠦᠭᠵᠢᠯᠲᠡ ᠶᠢ ᠬᠦᠴᠦᠯᠡᠨ ᠠᠬᠢᠭᠤᠯᠤᠨ᠎ᠠ        ᠲᠦᠯᠦᠭᠡᠯᠡᠭᠴᠢᠳ ᠡ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠣᠨ ᠤ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠶᠤᠮ᠂ ᠪᠢᠳᠡ ᠰᠢ  ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠲᠣᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠲᠣᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠪᠠ ᠵᠢᠯᠤᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠦᠪᠯᠡᠯᠭᠡᠨ ᠤ ᠰᠠᠨᠠᠭᠤᠯᠭ᠎ᠠ ᠶᠢ ᠬᠢᠨᠠᠮᠠᠭᠠᠢ ᠰᠤᠨᠤᠰᠴᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠦᠪᠯᠡᠷᠡᠭᠦᠯᠵᠦ᠂ ᠬᠠᠲᠠᠭᠤᠵᠢᠯᠲᠠᠢ ᠲᠡᠮᠡᠴᠡᠵᠦ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠂ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠦᠭᠵᠢᠯᠲᠡ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠠᠭᠠᠶ᠎ᠠ︕
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号