ᠬᠤᠲᠠ ᠲᠣᠭᠤᠷᠢᠭ ᠤᠨ ᠬᠤᠶᠠᠷ ᠱᠠᠲᠤᠨ ᠤ ᠨᠢᠭᠡᠲᠦᠮᠡᠯ ᠹᠷᠤᠨᠲ ᠤᠨ ᠬᠡᠯᠲᠡᠰ ᠬᠠᠮᠲᠤᠪᠡᠷ ᠬᠤᠯᠪᠤᠭᠠᠯᠠᠭᠰᠠᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠵᠢᠴᠢ ᠬᠠᠮᠲᠤᠪᠡᠷ ᠪᠠᠶᠢᠭᠤᠯᠬᠤ ᠠᠵᠢᠯᠯᠠᠭᠠᠨ ᠤ ᠭᠡᠷ᠎ᠡ ᠲᠣᠭᠲᠠᠬᠤ ᠶᠤᠰᠤᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/4/23
        4 ᠰᠠᠷ᠎ᠠ ᠶᠢᠨ 22 ᠤ ᠡᠳᠦᠷ ᠤᠨ ᠦᠳᠡ ᠠᠴᠠ ᠡᠮᠦᠨ᠎ᠡ ᠬᠤᠲᠠ ᠲᠣᠭᠤᠷᠢᠭ ᠤᠨ ᠬᠤᠶᠠᠷ ᠱᠠᠲᠤᠨ ᠤ ᠨᠢᠭᠡᠲᠦᠮᠡᠯ ᠹᠷᠤᠨᠲ ᠤᠨ ᠬᠡᠯᠲᠡᠰ ᠬᠠᠮᠲᠤᠪᠡᠷ ︽ᠨᠠᠮ ᠤᠨ ᠪᠠᠶᠢᠭᠤᠯᠤᠯᠲᠠ ᠳᠤ ᠬᠠᠮᠲᠤᠪᠡᠷ ᠣᠷᠤᠯᠴᠠᠨ᠂ ᠦᠨᠳᠦᠰᠦᠲᠡᠨ ᠤ ᠪᠦᠯᠬᠦᠮᠳᠡᠯ ᠳᠤ ᠰᠡᠳᠬᠢᠯ ᠨᠢᠭᠡᠳᠬᠦ︾ ᠬᠤᠯᠪᠤᠭᠠᠯᠠᠭᠰᠠᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠵᠢᠴᠢ ᠬᠠᠮᠲᠤᠪᠡᠷ ᠪᠠᠶᠢᠭᠤᠯᠬᠤ ᠠᠵᠢᠯᠯᠠᠭᠠᠨ ᠤ ᠭᠡᠷ᠎ᠡ ᠲᠣᠭᠲᠠᠬᠤ ᠶᠤᠰᠤᠯᠠᠯ ᠢ ᠶᠠᠪᠤᠭᠳᠠᠭᠤᠯᠵᠤ᠂ ᠬᠤᠲᠠ ᠲᠣᠭᠤᠷᠢᠭ ᠤᠨ ᠬᠤᠶᠠᠷ ᠱᠠᠲᠤᠨ ᠤ ᠨᠢᠭᠡᠲᠦᠮᠡᠯ ᠹᠷᠤᠨᠲ ᠤᠨ ᠰᠢᠰᠲ᠋ᠧᠮ ᠨᠢ ᠦᠨᠳᠦᠰᠦᠲᠡᠨ ᠤ ᠪᠦᠯᠬᠦᠮᠳᠡᠯ ᠢ ᠤᠷᠤᠭᠰᠢ ᠠᠬᠢᠭᠤᠯᠬᠤ ᠤᠬᠠᠭᠤᠯᠭ᠎ᠠ ᠬᠦᠮᠦᠵᠢᠯ ᠪᠠ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠤ ᠪᠡᠯᠭᠡ ᠲᠡᠮᠳᠡᠭ ᠪᠣᠯᠤᠨ᠎ᠠ᠂ ᠨᠢᠭᠡᠲᠦᠮᠡᠯ ᠹᠷᠤᠨᠲ ᠤᠨ ᠬᠦᠷᠢᠶᠡᠨ ᠬᠡᠪᠴᠢᠶᠡᠨ ᠳᠤ ᠳᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠵᠢᠭᠤᠯᠬᠤ ᠬᠡᠯᠪᠡᠷᠢ ᠂ ᠲᠤᠭᠲᠠᠴᠠ ᠪᠠ ᠠᠷᠭ᠎ᠠ ᠵᠠᠮ ᠤᠨ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠪᠠᠷ ᠤᠯᠠᠨ ᠡᠰᠢᠴᠢᠯᠡᠬᠦ ᠪᠠ ᠬᠠᠮᠲᠤ ᠶᠢᠨ ᠴᠤᠭᠴᠠ ᠶᠢ ᠳᠠᠶᠢᠴᠢᠯᠠᠬᠤ ᠬᠦᠰᠢᠭᠡ ᠶᠢ ᠰᠡᠬᠦᠪᠡ᠃        ᠬᠤᠲᠠ ᠶᠢᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠲᠤᠪᠴᠢᠶᠠᠨ ᠤ ᠳᠡᠳ᠋ ᠳᠠᠷᠤᠭ᠎ᠠ ᠦᠯᠵᠡᠢ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ ᠸᠠᠩ ᠶᠠᠨ ᠵᠢᠶᠧ ᠠᠵᠢᠯᠯᠠᠭᠠᠨ ᠳᠤ ᠣᠷᠤᠯᠴᠠᠪᠠ᠃ ᠬᠤᠲᠠ ᠲᠣᠭᠤᠷᠢᠭ ᠤᠨ ᠬᠤᠶᠠᠷ ᠱᠠᠲᠤᠨ ᠤ ᠨᠢᠭᠡᠲᠦᠮᠡᠯ ᠹᠷᠤᠨᠲ ᠤᠨ ᠬᠡᠯᠲᠡᠰ ᠤᠨ ᠨᠠᠮ ᠤᠨ ᠭᠡᠰᠢᠭᠦᠨ ᠺᠠᠳ᠋ᠷ᠂ ᠬᠤᠩᠱᠠᠨ ᠲᠤᠭᠤᠷᠢᠭ ᠤᠨ ᠨᠢᠭᠡᠲᠦᠮᠡᠯ ᠹᠷᠤᠨᠲ ᠤᠨ ᠬᠢᠨ ᠤ ᠲᠦᠯᠦᠭᠡᠯᠡᠭᠴᠢᠳ ᠠᠵᠢᠯᠯᠠᠭᠠᠨ ᠳᠤ ᠣᠷᠤᠯᠴᠠᠪᠠ᠃        ᠬᠤᠲᠠ ᠶᠢᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠲᠤᠪᠴᠢᠶᠠᠨ ᠤ ᠳᠡᠳ᠋ ᠳᠠᠷᠤᠭ᠎ᠠ ᠦᠯᠵᠡᠢ ᠶᠠᠷᠢᠶᠠᠨ ᠳᠠᠭᠠᠨ ᠴᠢᠬᠤᠯᠠᠴᠢᠯᠠᠭᠰᠠᠨ ᠨᠢ᠄ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠠᠷᠠᠭᠠᠰᠤ ᠠᠴᠠ ᠭᠠᠷ ᠤᠷᠤᠵᠤ᠂ ᠨᠢᠭᠡᠲᠦᠮᠡᠯ ᠹᠷᠤᠨᠲ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠤᠯᠤᠰ ᠲᠦᠷᠦ ᠶᠢᠨ ᠤᠳᠤᠷᠢᠳᠬᠤ ᠴᠢᠳᠠᠪᠤᠷᠢ᠂ ᠦᠵᠡᠯ ᠰᠠᠨᠠᠭᠠᠨ ᠤ ᠳᠠᠶᠢᠴᠢᠯᠠᠨ ᠳᠠᠭᠠᠭᠤᠯᠬᠤ ᠴᠢᠳᠠᠪᠤᠷᠢ᠂ ᠤᠯᠠᠨ ᠲᠥᠮᠡᠨ ᠢ ᠵᠤᠬᠢᠶᠠᠨ ᠪᠠᠶᠢᠭᠤᠯᠬᠤ ᠴᠢᠳᠠᠪᠤᠷᠢ ᠪᠠ ᠨᠡᠶᠢᠭᠡᠮ ᠨᠡᠶᠢᠲᠡ ᠶᠢ ᠤᠷᠢᠶᠠᠯᠠᠨ ᠳᠠᠶᠢᠴᠢᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠨᠢᠭᠡᠲᠦᠮᠡᠯ ᠹᠷᠤᠨᠲ ᠤᠨ ᠡᠯ᠎ᠡ ᠬᠦᠷᠢᠶ᠎ᠡ ᠬᠡᠪᠴᠢᠶ᠎ᠡ ᠡᠯ᠎ᠡ ᠲᠠᠯ᠎ᠠ ᠳᠤ ᠢᠯᠡᠷᠡᠭᠦᠯᠦᠨ᠂ ᠬᠦᠭᠵᠢᠯᠲᠡ ᠶᠢᠨ ᠬᠠᠮᠲᠤ ᠶᠢᠨ ᠤᠬᠠᠮᠰᠠᠷ᠂ ᠡᠯ᠎ᠡ ᠦᠨᠳᠦᠰᠦᠲᠡᠨ ᠤ ᠠᠷᠠᠳ ᠲᠥᠮᠡᠨ ᠤ ᠶᠡᠭᠡ ᠪᠦᠯᠬᠦᠮᠳᠡᠯ ᠤᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠤᠭᠲᠠᠭᠤᠨ ᠳᠤ ᠦᠪᠡᠷ ᠤᠨ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号