4 ᠰᠠᠷ᠎ᠠ ᠶᠢᠨ 21 ᠤ ᠡᠳᠦᠷ ᠬᠤᠩᠱᠠᠨ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠲᠤᠰᠬᠠᠢ ᠰᠡᠳᠦᠪᠲᠦ ᠪᠤᠯᠪᠠᠰᠤᠷᠠᠭᠤᠯᠤᠯ ᠤᠨ ᠬᠤᠷᠠᠯ ᠡᠷᠬᠢᠯᠡᠵᠦ | ᠂ ᠬᠤᠩᠱᠠᠨ ᠲᠣᠭᠤᠷᠢᠭ ᠤᠨ ᠮᠦᠩᠭᠦᠨ ᠭᠦᠢᠯᠭᠡᠭᠡᠨ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶᠠᠨ ᠤ | ᠳᠠᠷᠤᠭ᠎ᠠ ᠬᠠᠨ ᠶᠥᠩ ᠭᠠᠩ ᠬᠤᠷᠠᠯ ᠳᠡᠭᠡᠷ᠎ᠡ ᠠᠷᠠᠯᠵᠢᠶᠠᠴᠢᠨ ᠤᠷᠢᠬᠤ ᠠᠵᠢᠯ ᠢ ᠬᠡᠷᠬᠢᠨ ᠰᠠᠶᠢᠨ ᠬᠢᠬᠦ | ᠲᠤᠭᠤᠷᠢᠨ ᠳᠤ ᠲᠤᠰᠬᠠᠢ ᠰᠡᠳᠦᠪᠲᠦ ᠵᠢᠯᠤᠭᠤᠳᠤᠯᠭ᠎ᠠ ᠬᠦᠮᠦᠵᠢᠯ ᠬᠢᠪᠡ᠃ | ᠬᠤᠩᠱᠠᠨ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠬᠤᠷᠠᠯ | ᠳᠡᠭᠡᠷ᠎ᠡ ᠴᠢᠬᠤᠯᠠᠴᠢᠯᠠᠭᠰᠠᠨ ᠨᠢ᠄ ᠦᠷᠭᠡᠨ ᠣᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠣᠨᠴᠠᠭᠠᠶᠢᠯᠠᠨ | ᠠᠵᠤ ᠠᠬᠤᠢ᠂ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ᠬᠤᠯᠪᠤᠭᠠᠨ ᠤ ᠬᠢᠨ ᠤ ᠭᠡᠰᠢᠭᠦᠳ ᠡᠷᠬᠡᠪᠰᠢ | ᠦᠷᠭᠦᠯᠵᠢᠯᠡᠨ ᠬᠦᠴᠦᠯᠡᠨ ᠴᠢᠷᠮᠠᠶᠢᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠦᠷᠦᠯ ᠵᠦᠢᠯ ᠤᠨ | ᠪᠠᠶᠢᠭᠤᠯᠤᠯᠲᠠ ᠶᠢᠨ ᠲᠣᠭᠤᠷᠢᠨ ᠳᠤ ᠨᠡᠩ ᠬᠠᠨᠳᠤᠯᠭᠠᠲᠤ ᠴᠢᠨᠠᠷ᠂ ᠴᠠᠭ ᠬᠤᠭᠤᠴᠠᠭᠠᠲᠤ ᠴᠢᠨᠠᠷ ᠲᠠᠢ ᠰᠠᠨᠠᠯ | ᠵᠥᠪᠯᠡᠯᠭᠡ ᠶᠢ ᠳᠤᠷᠠᠳᠴᠤ᠂ ᠤᠯᠤᠰ ᠲᠦᠷᠦ ᠶᠢᠨ ᠵᠥᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ | ᠬᠤᠷᠠᠨ ᠴᠤᠭᠯᠠᠷᠠᠭᠰᠠᠨ᠂ ᠣᠶᠤᠨ ᠤᠬᠠᠭᠠᠨ ᠤᠢ ᠪᠢᠯᠢᠭ ᠨᠢᠭᠲᠠᠷᠠᠨ ᠲᠦᠪᠯᠡᠷᠡᠭᠰᠡᠨ ᠳᠠᠪᠠᠭᠤᠯᠢᠭ ᠢ ᠦᠨᠡᠨᠬᠦ | ᠪᠠᠳᠠᠷᠠᠭᠤᠯᠵᠤ᠂ ᠬᠤᠩᠱᠠᠨ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ︽ᠪᠢᠯᠢᠭ ᠤᠨ | ᠲᠠᠯᠠᠰᠲᠤ ᠤᠬᠠᠭᠠᠨ ᠤ ᠬᠤᠷᠠᠮᠳᠤᠯᠭ᠎ᠠ︾ ᠪᠣᠯᠬᠤ ᠬᠡᠷᠡᠭᠲᠡᠢ᠃ |