ᠶᠣᠣ ᠵᠢᠶᠠ ᠸᠠ ᠨᠡᠶᠢᠭᠡᠮ ᠲᠣᠭᠤᠷᠢᠭ ᠬᠤᠩᠱᠠᠨ ᠲᠣᠭᠤᠷᠢᠭ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠲᠠᠩᠬᠢᠮ ᠲᠠᠢ ᠬᠤᠯᠪᠤᠭᠠᠯᠠᠨ ︽ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ︾ ᠬᠠᠤᠯᠢ ᠴᠠᠭᠠᠵᠠ ᠶᠢᠨ ᠤᠬᠠᠭᠤᠯᠭ᠎ᠠ ᠯᠠᠪᠯᠠᠯᠲᠠ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2021/4/26
        ︽ᠤᠯᠠᠨ ᠲᠥᠮᠡᠨ ᠳᠤ ᠪᠤᠳᠠᠲᠠᠢ ᠤᠴᠢᠷ ᠬᠢᠬᠦ︾ ᠦᠢᠯᠡᠳᠦᠯᠭᠡ ᠶᠢᠨ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠤᠯᠠᠨ ᠲᠥᠮᠡᠨ ᠳᠤ ᠨᠡᠩ ᠰᠢᠯᠢᠳᠡᠭ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠨ᠂ ᠪᠦᠬᠦ ᠠᠷᠠᠳ ᠢᠶᠠᠷ ᠢᠶᠠᠨ ᠬᠠᠤᠯᠢ ᠶᠢ ᠰᠣᠷᠴᠤ ᠬᠠᠤᠯᠢ ᠶᠢ ᠤᠶᠢᠯᠠᠭᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ᠂ ᠡᠶ᠎ᠡ ᠵᠤᠬᠢᠴᠠᠯᠲᠤ ᠪᠣᠯᠪᠠᠰᠤᠨ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠦᠲᠦᠭᠡᠨ ᠪᠠᠶᠢᠭᠤᠯᠵᠤ᠂ ᠠᠷᠠᠳᠴᠢᠯᠠᠯᠲᠤ ᠬᠠᠤᠯᠢ ᠪᠠᠷ ᠵᠠᠰᠠᠬᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ 4 ᠰᠠᠷ᠎ᠠ ᠶᠢᠨ 23 ᠤ ᠡᠳᠦᠷ ᠤᠨ ᠦᠳᠡ ᠠᠴᠠ ᠬᠤᠶᠢᠨ᠎ᠠ ᠶᠤᠤ ᠵᠢᠶᠠ ᠸᠠ ᠨᠡᠶᠢᠭᠡᠮ ᠲᠣᠭᠤᠷᠢᠭ ︽ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ︾ ᠬᠠᠤᠯᠢ ᠴᠠᠭᠠᠵᠠ ᠶᠢᠨ ᠤᠬᠠᠭᠤᠯᠭ᠎ᠠ ᠯᠠᠪᠯᠠᠯᠲᠠ ᠶᠢᠨ ᠠᠵᠢᠯᠯᠠᠭᠠᠨ ᠦᠷᠨᠢᠭᠦᠯᠪᠡ᠂ ᠬᠤᠩᠱᠠᠨ ᠲᠣᠭᠤᠷᠢᠭ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠲᠠᠩᠬᠢᠮ ᠢ ᠤᠷᠢᠵᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠥᠭᠡᠮᠡᠯᠵᠢᠭᠦᠯᠵᠦ᠂ ᠰᠠᠶᠢᠨ ᠰᠠᠶᠢᠬᠠᠨ ᠢᠷᠭᠡᠨ ᠤ ᠬᠠᠤᠯᠢ ᠶᠢᠨ ᠪᠢᠴᠢᠭ ᠢ ᠤᠬᠠᠭᠤᠯᠤᠨ ᠰᠤᠷᠤᠯᠴᠠᠬᠤ ᠣᠷᠴᠢᠨ ᠨᠦᠬᠦᠴᠡᠯ ᠢ ᠪᠦᠷᠢᠯᠳᠦᠭᠦᠯᠦᠨ᠂ ᠢᠷᠭᠡᠨ ᠤ ᠬᠠᠤᠯᠢ ᠶᠢᠨ ᠪᠢᠴᠢᠭ ᠢ ᠤᠯᠠᠨ ᠲᠥᠮᠡᠨ ᠤ ᠳᠡᠷᠭᠡᠳᠡ᠂ ᠠᠷᠠᠳ ᠤᠯᠠᠨ ᠤ ᠰᠡᠳᠬᠢᠯ ᠳᠤ ᠦᠨᠡᠨᠬᠦ ᠬᠦᠷᠭᠡᠵᠦ ᠴᠢᠳᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号