| | ᠣᠶᠢᠷ᠎ᠠ ᠳᠤ᠂ ᠭᠠᠵᠠᠷ ᠰᠢᠷᠣᠶ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠳᠣᠭᠢᠷᠠᠭᠤᠯᠬᠤ ᠪᠠ | ᠵᠦᠶ ᠵᠣᠬᠢᠰᠲᠠᠶ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ︽ᠭᠠᠵᠠᠷ ᠰᠢᠷᠣᠶ ᠨᠥᠭᠡᠴᠡᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ | ᠲᠤᠬᠠᠶ ᠮᠡᠳᠡᠭᠳᠡᠯ︾ ᠢ ᠨᠡᠶᠢᠲᠡᠯᠡᠪᠡ᠃ | ︽ᠮᠡᠳᠡᠭᠳᠡᠯ︾ ᠳᠤ ᠡᠯ᠎ᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ | ᠲᠦᠷᠦᠭᠦᠯᠡᠨ ᠵᠣᠬᠢᠴᠠᠭᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠵᠤ᠂ | ᠠᠵᠢᠯ ᠤᠨ ᠲᠥᠯᠥᠪᠯᠡᠭᠡ ᠶᠢ ᠬᠢᠨᠠᠨ ᠲᠣᠭᠲᠠᠭᠠᠬᠤ᠂ ᠠᠵᠢᠯ ᠤᠨ ᠲᠥᠰᠦᠯ ᠢ ᠬᠢᠨᠠᠨ ᠪᠠᠶᠢᠴᠠᠭᠠᠬᠤ᠂ ᠴᠢᠬᠤᠯᠠ ᠶᠡᠭᠡ | ᠠᠰᠠᠭᠤᠳᠠᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠶᠢ ᠬᠠᠷᠢᠭᠤᠴᠠᠬᠤ᠂ ᠪᠠᠶᠢᠭᠠᠯᠢ ᠶᠢᠨ ᠡᠬᠢ | ᠪᠠᠶᠠᠯᠢᠭ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ᠂ ᠭᠠᠵᠠᠷ ᠰᠢᠷᠣᠶ ᠨᠥᠭᠡᠴᠡᠯᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ | ᠵᠣᠬᠢᠶᠠᠨ ᠪᠠᠶᠢᠭᠤᠯᠬᠤ ᠶᠢᠨ ᠬᠠᠮᠲᠤ ᠵᠣᠬᠢᠴᠠᠭᠤᠯᠤᠨ ᠠᠬᠢᠭᠤᠯᠬᠤ᠂ ᠪᠠᠶᠢᠴᠠᠭᠠᠵᠤ ᠵᠢᠯᠣᠭᠤᠳᠬᠤ ᠪᠠ ᠦᠷ᠎ᠡ | ᠪᠦᠲᠦᠭᠡᠯ ᠢ ᠨᠠᠶᠢᠷᠠᠭᠤᠯᠤᠨ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠭᠠᠵᠠᠷ ᠰᠢᠷᠣᠶ ᠨᠥᠭᠡᠴᠡᠯᠡᠬᠦ ᠪᠠᠶᠢᠭᠤᠯᠤᠮᠵᠢ ᠨᠤᠭᠤᠳ | ᠲᠥᠯᠥᠪᠯᠡᠭᠡ ᠵᠢᠴᠢ ᠲᠥᠯᠥᠪᠵᠢᠭᠦᠯᠭᠡ ᠶᠢᠨ ᠲᠣᠪᠬᠢᠮᠠᠯ᠂ ᠨᠠᠶᠢᠷᠠᠭᠤᠯᠤᠨ ᠵᠣᠬᠢᠶᠠᠭᠰᠠᠨ ᠲᠣᠳᠣᠷᠬᠠᠶᠢᠯᠠᠯᠲᠠ᠂ | ᠵᠢᠷᠤᠭ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠵᠢᠴᠢ ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠵᠡᠷᠭᠡ ᠠᠵᠢᠯ ᠢ | ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶᠢᠯᠠᠪᠠ᠃ | ︽ᠮᠡᠳᠡᠭᠳᠡᠯ︾ ᠳᠤ ᠭᠠᠵᠠᠷ ᠰᠢᠷᠣᠶ ᠨᠥᠭᠡᠴᠡᠯᠡᠬᠦ ᠲᠥᠯᠥᠪᠯᠡᠭᠡ ᠶᠢ ᠨᠠᠶᠢᠷᠠᠭᠤᠯᠤᠨ ᠮᠡᠳᠡᠭᠦᠯᠬᠦ ᠠᠵᠢᠯ ᠢ | ᠵᠢᠷᠤᠮᠵᠢᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠳᠤ ᠭᠠᠵᠠᠷ ᠰᠢᠷᠣᠶ ᠨᠥᠭᠡᠴᠡᠯᠡᠬᠦ ᠭᠤᠷᠪᠠᠨ | ᠵᠢᠯ ᠤᠨ ᠥᠩᠬᠦᠷᠢᠭᠦᠯ ᠲᠥᠯᠥᠪᠯᠡᠭᠡ ᠶᠢ ᠵᠣᠬᠢᠰᠲᠠᠶ ᠨᠠᠶᠢᠷᠠᠭᠤᠯᠤᠨ ᠵᠣᠬᠢᠶᠠᠨ᠎ᠠ︔ ᠣᠨ ᠤ ᠭᠠᠵᠠᠷ ᠰᠢᠷᠣᠶ | ᠨᠥᠭᠡᠴᠡᠯᠡᠬᠦ ᠲᠥᠯᠥᠪᠯᠡᠭᠡ ᠶᠢ ᠵᠣᠬᠢᠰᠲᠠᠶ ᠨᠠᠶᠢᠷᠠᠭᠤᠯᠤᠨ ᠵᠣᠬᠢᠶᠠᠨ᠎ᠠ︔ ᠭᠤᠷᠪᠠᠨ ᠵᠢᠯ ᠤᠨ ᠥᠩᠬᠦᠷᠢᠭᠦᠯ | ᠲᠥᠯᠥᠪᠯᠡᠭᠡ ᠪᠠ ᠵᠢᠯ ᠤᠨ ᠲᠥᠯᠥᠪᠯᠡᠭᠡ ᠶᠢ ᠨᠠᠶᠢᠷᠠᠭᠤᠯᠤᠨ ᠮᠡᠳᠡᠭᠦᠯᠦᠨ᠎ᠡ᠃ | ︽ᠮᠡᠳᠡᠭᠳᠡᠯ︾ ᠳᠤ ᠭᠠᠵᠠᠷ ᠰᠢᠷᠣᠶ ᠨᠥᠭᠡᠴᠡᠯᠡᠬᠦ ᠶᠢ ᠬᠢᠨᠠᠨ ᠰᠢᠨᠵᠢᠯᠡᠵᠦ ᠬᠢᠨᠠᠨ ᠬᠠᠮᠢᠶᠠᠷᠬᠤ | ᠰᠢᠰᠲ᠋ᠧᠮ ᠤᠨ ᠮᠡᠳᠡᠭᠦᠯᠦᠨ ᠳᠠᠩᠰᠠᠯᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠭᠤᠷᠪᠠᠨ | ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠭᠠᠵᠠᠷ ᠰᠢᠷᠣᠶ ᠨᠥᠭᠡᠴᠡᠯᠡᠬᠦ ᠪᠠᠶᠢᠭᠤᠯᠤᠮᠵᠢ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ ᠬᠤᠶᠠᠷ ᠲᠤ᠂ ᠡᠳ᠋ ᠬᠥᠷᠥᠩᠭᠡ ᠶᠢᠨ ᠮᠡᠳᠡᠭᠦᠯᠦᠯᠲᠡ ᠶᠢᠨ ᠲᠦᠷᠢᠮ ᠢ | ᠪᠠᠶᠢᠭᠤᠯᠤᠨ᠎ᠠ᠃ ᠭᠤᠷᠪᠠ ᠳᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠢᠨᠠᠨ ᠪᠠᠶᠢᠴᠠᠭᠠᠵᠤ ᠵᠢᠯᠣᠭᠤᠳᠬᠤ ᠶᠢ | ᠴᠢᠩᠭᠠᠳᠬᠠᠨ᠎ᠠ᠃ |