ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/4/30
        ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ 2016 ᠣᠨ ᠤ 7 ᠰᠠᠷ᠎ᠠ ᠶᠢᠨ 14 ᠤ ᠡᠳᠦᠷ ᠢᠨᠲ᠋ᠧᠷ ᠰᠦᠯᠵᠢᠶ᠎ᠡ ᠳᠤ ᠨᠡᠪᠲᠡᠷᠡᠪᠡ᠃ ᠮᠠᠨ ᠤ ᠲᠤᠭᠤᠷᠢᠭ 2015 ᠤᠨ ᠤ 12 ᠰᠠᠷ᠎ᠠ ᠳᠤ᠂ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠠᠵᠢᠯ ᠤᠨ ᠲᠦᠰᠦᠯ︾ ᠢ ᠲᠠᠷᠬᠠᠭᠠᠪᠠ᠃        ᠥᠨᠥᠳᠥᠷ ᠮᠠᠨ ᠤ ᠡᠮᠦᠨ᠎ᠡ ᠳᠡᠯᠭᠡᠭᠳᠡᠵᠦ ᠪᠠᠶᠢᠭ᠎ᠠ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠪᠣᠯ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶᠡᠨ ᠴᠤᠭᠯᠠᠷᠠᠯ ᠤᠨ ᠬᠤᠪᠢᠶᠠᠷᠢ ᠰᠦᠯᠵᠢᠶ᠎ᠡ ᠪᠣᠯᠣᠨ᠎ᠠ᠃ ᠰᠦᠯᠵᠢᠶ᠎ᠡ ᠨᠢ ᠲᠡᠷᠢᠭᠦᠨ ᠵᠣᠷᠪᠤᠰ᠂ ᠬᠤᠩᠱᠠᠨ ᠲᠣᠭᠤᠷᠢᠭ ᠤᠨ ᠮᠡᠳᠡᠭᠡ᠂ ᠢᠯᠡ ᠵᠠᠰᠠᠭ᠂ ᠦᠢᠯᠡᠴᠢᠯᠡᠭᠡ ᠲᠤᠰᠠᠯᠠᠮᠵᠢ᠂ ᠰᠤᠶᠤᠯ ᠡᠷᠳᠡᠨᠢ᠂ ᠰᠦᠯᠵᠢᠶᠡᠨ ᠤ ᠲᠤᠬᠠᠢ ᠵᠡᠷᠭᠡ ᠬᠡᠰᠡᠭ ᠢᠶᠠᠷ ᠪᠦᠷᠢᠯᠳᠦᠵᠦ᠂ ᠪᠦᠬᠦ ᠲᠣᠭᠤᠷᠢᠭ ᠤᠨ ᠴᠢᠬᠤᠯᠠ ᠰᠣᠨᠢᠨ ᠮᠡᠳᠡᠭᠡ᠂ ᠵᠠᠰᠠᠭ ᠤᠨ ᠶᠠᠪᠤᠳᠠᠯ᠂ ᠬᠠᠤᠯᠢ ᠳᠥᠷᠢᠮ᠂ ᠰᠣᠶᠣᠯ ᠵᠢᠭᠤᠯᠴᠢᠯᠠᠯ ᠵᠡᠷᠭᠡ ᠠᠭᠤᠯᠭ᠎ᠠ ᠶᠢ ᠬᠠᠮᠤᠷᠤᠭᠰᠠᠨ ᠶᠤᠮ᠃ ᠰᠦᠯᠵᠢᠶᠡᠨ ᠤ ᠲᠡᠷᠢᠭᠦᠨ ᠨᠢᠭᠤᠷ ᠲᠤ ᠪᠠᠰᠠ ᠨᠠᠮ ᠵᠠᠰᠠᠭ ᠤᠨ ᠲᠥᠷᠥ ᠶᠢᠨ ᠪᠣᠳᠤᠯᠭ᠎ᠠ ᠶᠢᠨ ᠲᠤᠰᠬᠠᠢ ᠪᠣᠯᠣᠩ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠣᠨᠴᠠᠯᠢᠭᠲᠤ ᠲᠤᠰᠬᠠᠢ ᠪᠣᠯᠣᠩ ᠡᠷᠬᠢᠯᠡᠵᠦ᠂ ᠦᠢᠯᠡᠴᠢᠯᠡᠭᠡ ᠲᠤᠰᠠᠯᠠᠮᠵᠢ ᠶᠢᠨ ᠬᠡᠰᠡᠭ ᠤᠨ ᠨᠣᠮ ᠬᠡᠪᠯᠡᠯ ᠪᠣᠯᠤᠩ ᠢᠶᠠᠷ ︽ᠨᠤᠮ ᠲᠠᠢ ᠮᠤᠩᠭᠤᠯ ᠪᠣᠯᠵᠠᠭᠠᠶ᠎ᠠ︾ ᠭᠡᠮᠡᠨ ᠰᠢᠨ᠎ᠡ ᠰᠤᠳᠤᠨ ᠨᠣᠮ ᠵᠣᠬᠢᠶᠠᠯ ᠤᠨ ᠲᠠᠨᠢᠯᠴᠠᠭᠤᠯᠭ᠎ᠠ ᠬᠢᠵᠦ᠂ ᠲᠧᠯᠸᠢᠰ ᠮᠡᠳᠡᠭᠡ᠂ ᠷᠠᠳᠢᠤ᠋ ᠮᠡᠳᠡᠭᠡ᠂ ᠴᠠᠬᠢᠮ ᠰᠣᠨᠢᠨ᠂ ᠮᠣᠩᠭᠤᠯ ᠭᠠᠵᠠᠷ ᠤᠨ ᠵᠢᠷᠤᠭ᠂ ᠴᠠᠭ ᠠᠭᠤᠷ ᠂ ᠭᠠᠯᠲᠤ ᠲᠡᠷᠭᠡ᠂ ᠨᠢᠰᠬᠡᠯ ᠤᠨ ᠴᠠᠭ ᠤᠨ ᠵᠦᠭᠯᠡᠭᠦᠷ ᠲᠣᠬᠢᠷᠠᠭᠤᠯᠵᠤ ᠂ ᠰᠦᠯᠵᠢᠶᠡᠨ ᠤ ᠲᠤᠰ ᠪᠡᠶ᠎ᠡ ᠴᠢᠳᠠᠮᠵᠢ ᠪᠠᠷ ᠶᠡᠭᠡ᠂ ᠮᠡᠷᠭᠡᠵᠢᠯ ᠳᠠᠪᠰᠢᠩᠭᠤᠢ᠂ ᠬᠡᠪ ᠨᠠᠮᠪᠠ ᠨᠢᠭᠡᠳᠦᠯᠲᠠᠢ ᠪᠣᠯᠣᠭᠰᠠᠨ ᠶᠤᠮ᠃        ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠨᠢ ᠮᠠᠨ ᠤ ᠲᠣᠭᠤᠷᠢᠭ ᠤᠨ ᠤᠬᠠᠭᠤᠯᠭ᠎ᠠ ᠶᠢᠨ ᠴᠣᠩᠬᠤ ᠪᠣᠯᠬᠤ ᠮᠥᠷᠲᠡᠭᠡᠨ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠤ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠣᠶᠢᠯᠠᠭᠠᠬᠤ᠂ ᠬᠡᠷᠡᠭᠯᠡᠭᠡᠨ ᠤ ᠮᠡᠷᠭᠡᠵᠢᠯ ᠤᠨ ᠮᠡᠳᠡᠯᠭᠡ ᠰᠤᠷᠤᠯᠴᠠᠬᠤ᠂ ᠲᠤᠰ ᠪᠡᠶ᠎ᠡ ᠶᠢᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠬᠦ ᠳᠤ ᠲᠤᠰᠠᠯᠠᠮᠵᠢ ᠪᠣᠯᠵᠤ᠂ ᠦᠢᠯᠡᠳᠪᠦᠷᠢᠯᠡᠯ ᠠᠮᠢᠳᠤᠷᠠᠯ ᠤᠨ ᠳᠡᠭᠡᠭᠰᠢᠯᠡᠯᠲᠡ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠦᠷᠢ ᠲᠥᠷᠬᠦ ᠶᠢᠨ ᠳᠡᠭᠡᠭᠰᠢᠯᠡᠯᠲᠡ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠪᠡ᠃ ᠣᠶᠢᠷ᠎ᠠ ᠶᠢᠨ ᠵᠢᠯ ᠳᠤ᠂ ᠦᠪᠡᠷᠲᠡᠭᠡᠨ ᠵᠠᠰᠠᠬᠤ ᠣᠷᠤᠨ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠰᠦᠯᠵᠢᠶᠡᠨ ᠤ ᠪᠠᠶᠢᠭᠤᠯᠤᠯᠲᠠ ᠪᠣᠯᠤᠨ ᠰᠡᠯᠪᠢᠨ ᠵᠠᠰᠠᠬᠤ ᠠᠵᠢᠯ ᠢ ᠰᠠᠶᠢᠲᠤᠷ ᠬᠢᠵᠤ᠂ ᠴᠠᠭ ᠲᠤᠬᠠᠶ ᠳᠤᠨᠢ ᠪᠠᠶᠠᠯᠢᠭ ᠠᠭᠤᠯᠭ᠎ᠠ ᠪᠠ ᠰᠤᠷᠠᠭ ᠵᠠᠩᠬᠢ ᠰᠢᠨᠡᠳᠬᠡᠵᠦ᠂ ᠰᠦᠯᠵᠢᠶᠡᠨ ᠤ ᠠᠵᠢᠯᠯᠠᠭᠠᠨ ᠤ ᠶᠠᠰᠤ ᠴᠢᠨᠠᠷ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠮᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶᠡᠨ ᠴᠤᠭᠯᠠᠷᠠᠯ ᠤᠨ ᠬᠤᠪᠢᠶᠠᠷᠢ ᠰᠦᠯᠵᠢᠶ᠎ᠡ ᠪᠣᠯᠤᠭᠰᠠᠨ ᠤ ᠬᠤᠪᠢ ᠳᠤ ᠦᠪᠡᠷᠲᠡᠭᠡᠨ ᠵᠠᠰᠠᠬᠤ ᠣᠷᠤᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠴᠣᠭᠯᠠᠷᠠᠯ ᠤᠨ ᠡᠬᠢ ᠪᠠᠶᠠᠯᠢᠭ᠂ ᠮᠡᠷᠭᠡᠵᠢᠯ ᠤᠨ ᠳᠠᠪᠠᠭᠤᠯᠢᠭ ᠢ ᠭᠦᠢᠴᠡᠳ ᠠᠰᠢᠭᠯᠠᠭᠰᠠᠨ ᠪᠦᠭᠡᠳ ᠭᠠᠵᠠᠷ ᠣᠷᠤᠨ ᠤ ᠤᠨᠴᠠᠯᠢᠭᠲᠤ ᠪᠣᠯᠤᠩ ᠤᠨ ᠰᠢᠨᠡᠴᠢᠯᠡᠯᠲᠡ ᠪᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠨᠠᠮ ᠵᠠᠰᠠᠭ ᠤᠨ ᠲᠦᠷᠦ ᠶᠢᠨ ᠪᠤᠳᠤᠯᠭ᠎ᠠ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠵᠡᠷᠭᠡ ᠶᠢ ᠭᠦᠢᠴᠡᠳ ᠬᠠᠩᠭᠠᠵᠤ᠂ ᠮᠤᠩᠭᠤᠯ ᠦᠨᠳᠦᠰᠦᠲᠡᠨ ᠤ ᠤᠯᠠᠨ ᠲᠥᠮᠡᠨ ᠳᠤ ᠨᠡᠩ ᠤᠯᠠᠨ ᠰᠢᠯᠢᠳᠡᠭ ᠰᠤᠷᠠᠭ ᠵᠠᠩᠭᠢ ᠪᠠ ᠦᠢᠯᠡᠴᠢᠯᠡᠭᠡ ᠬᠠᠩᠭᠠᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠬᠠᠮᠵᠢᠯᠴᠠᠵᠤ ᠰᠦᠯᠵᠢᠶᠡᠨ ᠦᠷᠳᠡᠭᠡ ᠶᠢᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ᠂ ᠮᠡᠷᠭᠡᠵᠢᠯ᠂ ᠬᠠᠷᠠᠭᠠᠨ ᠳᠠᠪᠲᠠᠮᠵᠢ ᠵᠡᠷᠭᠡ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠵᠤ᠂ ᠰᠦᠯᠵᠢᠶᠡᠨ ᠤ ᠴᠢᠳᠠᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠠᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号