ᠮᠠᠨ ᠤ ᠬᠤᠲᠠ ︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2021/5/10
        ᠮᠠᠨ ᠤ ᠬᠤᠲᠠ ︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾ ᠢ ᠨᠡᠶᠢᠲᠡᠯᠡᠪᠡ᠃ ᠲᠤᠰ ᠲᠥᠷᠢᠮ ᠢ 2020 ᠣᠨ ᠤ 11 ᠰᠠᠷ᠎ᠠ ᠶᠢᠨ 6 ᠤ ᠡᠳᠦᠷ ᠤᠨ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠳᠡᠭᠡᠷ᠎ᠡ ᠪᠠᠲᠤᠯᠠᠵᠤ᠂ 2020 ᠣᠨ ᠤ 11 ᠰᠠᠷ᠎ᠠ ᠶᠢᠨ 26 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ ᠵᠥᠪᠰᠢᠶᠡᠷᠡᠪᠡ᠃ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠲᠥᠷᠢᠮ ᠤᠨ ᠭᠤᠣᠯ ᠠᠭᠤᠯᠭ᠎ᠠ ᠨᠢ ᠲᠣᠣᠷᠠᠬᠢ ᠮᠡᠲᠦ᠄                  ︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ                  ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾        ︵2020 ᠣᠨ ᠤ 11 ᠰᠠᠷ᠎ᠠ ᠶᠢᠨ 6 ᠤ ᠡᠳᠦᠷ ᠤᠨ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠢᠶᠠᠷ ᠪᠠᠲᠤᠯᠠᠪᠠ᠃ 2020 ᠣᠨ ᠤ 11 ᠰᠠᠷ᠎ᠠ ᠶᠢᠨ 26 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ ᠵᠥᠪᠰᠢᠶᠡᠷᠡᠪᠡ︶        ᠨᠢᠭᠡᠳᠦᠭᠡᠷ ᠪᠦᠯᠦᠭ    ᠶᠡᠷᠦᠩᠬᠡᠢ ᠳᠦᠷᠢᠮ        ᠨᠢᠭᠡᠳᠦᠭᠡᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠷᠠᠳ ᠢᠷᠭᠡᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠮᠠᠭᠠᠯᠠᠨ ᠰᠠᠢᠵᠢᠷᠠᠭᠤᠯᠵᠤ᠂ ᠣᠷᠣᠰᠢᠨ ᠨᠤᠲᠤᠭᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠣᠰ ᠳᠦᠷᠢᠮ ᠢ ᠲᠣᠭᠲᠠᠭᠠᠪᠠ᠃        ᠬᠤᠶᠠᠳᠤᠭᠠᠷ ᠵᠦᠢᠯ    ᠲᠣᠰ ᠳᠦᠷᠢᠮ ᠨᠢ ᠲᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯᠯᠠᠭ᠎ᠠ ᠳᠤ ᠲᠣᠬᠢᠷᠠᠨ᠎ᠠ᠃ ᠳᠡᠭᠡᠳᠦ ᠳᠡᠰ ᠤᠨ ᠬᠠᠤᠯᠢ ᠳᠤ ᠨᠢᠭᠡᠨᠲᠡ ᠲᠣᠭᠲᠠᠭᠠᠯ ᠭᠠᠷᠭᠠᠭᠰᠠᠨ ᠪᠠᠶᠢᠪᠠᠯ᠂ ᠤᠤᠯ ᠲᠣᠭᠲᠠᠭᠠᠯ ᠢ ᠵᠢᠷᠤᠮᠯᠠᠨ᠎ᠠ᠃        ᠭᠤᠷᠪᠠᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠲᠣᠰᠬᠤᠨ ᠤ ᠠᠷᠠᠳ ᠭᠤᠣᠯ ᠴᠣᠭᠴᠠ ᠪᠣᠯᠬᠤ᠂ ᠨᠡᠶᠢᠭᠡᠮ ᠳᠠᠶᠠᠭᠠᠷ ᠣᠷᠣᠯᠴᠠᠬᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠬᠦ᠂ ᠪᠠᠶᠢᠭᠤᠯᠬᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃        ᠳᠥᠷᠪᠡᠳᠦᠭᠡᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃        ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠵᠠᠰᠠᠭ ᠵᠠᠬᠢᠷᠭᠠᠨ ᠤ ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ᠂ ᠠᠮᠢ ᠠᠬᠤᠶ ᠶᠢᠨ ᠣᠷᠴᠢᠨ ᠨᠥᠬᠦᠴᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠤᠲᠠ ᠶᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃        ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠪᠣᠳᠠᠲᠠᠶ ᠠᠵᠢᠯ ᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠱᠠᠭᠠᠷᠳᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠥᠷᠨᠢᠭᠦᠯᠦᠨ᠎ᠡ᠃        ᠲᠠᠪᠤᠳᠤᠭᠠᠷ ᠵᠦᠢᠯ    ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ ᠲᠣᠰᠬᠤᠨ ᠤ ᠠᠷᠠᠳ ᠪᠠ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢ ᠵᠣᠬᠢᠶᠠᠨ ᠪᠠᠶᠢᠭᠤᠯᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃        ᠵᠢᠷᠭᠤᠳᠤᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠨᠥᠬᠦᠪᠥᠷᠢ ᠪᠡᠯᠡ ᠮᠥᠩᠭᠦ ᠶᠢ ᠲᠣᠰ ᠵᠢᠯ ᠤᠨ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠠᠯᠠ ᠮᠥᠩᠭᠦ ᠴᠤᠭᠯᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠬᠡᠷᠡᠭᠯᠡᠬᠦ ᠬᠡᠷᠡᠭᠲᠡᠶ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠤᠨ ᠪᠠᠯᠠ ᠮᠥᠩᠭᠦ ᠭᠠᠷᠭᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠵᠠᠷᠤᠴᠠᠭᠤᠯᠬᠤ ᠬᠡᠷᠡᠭᠲᠡᠶ᠃        ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠠᠭᠠᠯᠵᠠᠯ ᠪᠠ ᠤᠷᠮᠠᠰᠢᠭᠤᠯᠤᠨ ᠵᠤᠷᠢᠭᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠦᠢᠯᠡᠰ ᠲᠤ ᠪᠠᠯᠠ ᠮᠥᠩᠭᠦ ᠪᠠ ᠪᠡᠯᠡᠳᠬᠡᠯ ᠲᠥᠬᠦᠭᠡᠷᠦᠮᠵᠢ ᠬᠠᠨᠳᠢᠪᠯᠠᠬᠤ ᠶᠢ ᠵᠣᠷᠢᠭᠵᠢᠭᠤᠯᠤᠨ᠎ᠠ᠃          ᠳᠣᠯᠣᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠨᠤᠭᠤᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠳᠠᠳᠬᠠᠯ ᠲᠠᠢ ᠪᠣᠯᠭᠠᠬᠤ ᠬᠡᠷᠡᠭᠲᠡᠶ᠃        ᠰᠣᠨᠢᠨ ᠮᠡᠳᠡᠭᠡᠨ ᠤ ᠵᠠᠭᠤᠴᠢᠯᠠᠭᠤᠷ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠥᠷᠨᠢᠭᠦᠯᠬᠦ ᠬᠡᠷᠡᠭᠲᠡᠶ᠃        ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠠᠭᠤᠯᠭ᠎ᠠ ᠳᠤ ᠣᠷᠣᠭᠤᠯᠬᠤ ᠬᠡᠷᠡᠭᠲᠡᠶ᠃        ᠬᠤᠶᠠᠳᠤᠭᠠᠷ ᠪᠦᠯᠦᠭ    ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠬᠠᠮᠢᠶᠠᠷᠬᠤ        ᠨᠠᠢᠮᠠᠳᠣᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠰᠦᠪᠯᠡᠨ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠢ ᠥᠭᠡᠷᠡᠴᠢᠯᠡᠬᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠲᠣᠰᠬᠤᠨ ᠤ ᠳᠦᠷᠰᠦ ᠪᠠᠶᠢᠳᠠᠯ ᠢ ᠵᠠᠰᠠᠨ ᠰᠠᠶᠢᠵᠢᠷᠠᠭᠤᠯᠬᠤ ᠵᠡᠷᠭᠡ ᠲᠤᠰᠬᠠᠶ ᠲᠦᠯᠦᠪᠯᠡᠭᠡ ᠶᠢ ᠲᠥᠯᠥᠪᠵᠢᠭᠦᠯᠭᠡ ᠳᠤ ᠣᠷᠣᠭᠤᠯᠵᠤ ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠥᠬᠦᠶ ᠲᠤᠰᠬᠠᠶ ᠲᠥᠯᠥᠪᠵᠢᠭᠦᠯᠭᠡ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠵᠤ᠂ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠯᠦᠭᠡ ᠬᠠᠷᠢᠯᠴᠠᠨ ᠵᠣᠯᠭᠠᠭᠤᠯᠬᠤ ᠬᠡᠷᠡᠭᠲᠡᠶ᠃        ᠶᠢᠰᠦᠳᠦᠭᠡᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠬᠡᠷᠡᠭᠴᠡᠭᠡ ᠪᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠰᠠᠭᠤᠷᠢ ᠲᠦᠬᠦᠭᠡᠷᠦᠮᠵᠢ ᠶᠢ ᠵᠦᠶ ᠵᠣᠬᠢᠰᠲᠠᠶ ᠪᠠᠶᠢᠷᠢᠰᠢᠭᠤᠯᠤᠨ ᠪᠠᠶᠢᠭᠤᠯᠬᠤ ᠬᠡᠷᠡᠭᠲᠡᠶ᠃        ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ ᠲᠤᠰᠢᠶᠠᠯ ᠠᠵᠢᠯ ᠤᠨ ᠬᠤᠪᠢᠶᠠᠷᠢ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠬᠠᠮᠢᠶᠠᠷᠴᠤ ᠬᠠᠮᠠᠭᠠᠯᠠᠬᠤ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠪᠠᠶᠢᠴᠠᠭᠠᠨ ᠬᠢᠨᠠᠯᠲᠠ ᠬᠢᠬᠦ ᠬᠡᠷᠡᠭᠲᠡᠶ᠃        ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠪᠠ ᠰᠠᠭᠤᠷᠢ ᠲᠦᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃        ᠠᠷᠪᠠᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠪᠠ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠰᠢᠰᠲ᠋ᠧᠮᠵᠢ ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠬᠤ᠂ ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ ᠶᠢ ᠦᠢᠯᠡᠳᠦᠯᠭᠡᠵᠢᠭᠦᠯᠬᠦ ᠪᠠᠷ ᠪᠣᠯᠪᠠᠰᠤᠨ ᠬᠡᠷ ᠪᠦᠯᠢ ᠶᠢ ᠰᠢᠯᠭᠠᠷᠠᠭᠤᠯᠬᠤ ᠨᠥᠬᠦᠴᠡᠯ ᠪᠣᠯᠭᠠᠬᠤ ᠬᠡᠷᠡᠭᠲᠡᠶ᠃        ᠠᠷᠪᠠᠨ ᠨᠢᠭᠡᠳᠦᠭᠡᠷ ᠵᠦᠢᠯ    ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠲᠠᠢ᠂ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠤᠬᠢᠷᠠᠭᠤᠯᠤᠭᠰᠠᠨ᠂ ᠡᠪᠳᠡᠭᠰᠡᠨ ᠦᠢᠯᠡ ᠠᠵᠢᠯᠯᠠᠭ᠎ᠠ ᠶᠢ ᠢᠳᠬᠠᠨ ᠰᠤᠷᠭᠠᠬᠤ᠂ ᠬᠤᠷᠢᠭᠯᠠᠨ ᠵᠣᠭᠰᠣᠭᠠᠬᠤ ᠪᠤᠶᠤ ᠢᠯᠡᠴᠢᠯᠡᠨ ᠮᠡᠳᠡᠭᠦᠯᠬᠦ ᠡᠷᠬᠡ ᠲᠠᠢ᠃        ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠬᠠᠮᠠᠭᠠᠯᠠᠯᠲᠠ ᠶᠢ ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠬᠡᠬᠦ ᠬᠡᠷᠡᠭᠲᠡᠶ᠃        ᠠᠷᠪᠠᠨ ᠬᠤᠶᠠᠳᠤᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠢ᠃        ᠭᠤᠷᠪᠠᠳᠤᠭᠠᠷ ᠪᠦᠯᠦᠭ    ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ        ᠠᠷᠪᠠᠨ ᠭᠤᠷᠪᠠᠳᠤᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠴᠤᠭᠯᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠠᠢ ᠬᠠᠷᠢᠯᠴᠠᠨ ᠵᠣᠯᠭᠠᠭᠤᠯᠤᠭᠰᠠᠨ ᠡᠴᠦᠰ ᠤᠨ ᠰᠢᠢᠳᠪᠦᠷᠢᠯᠡᠬᠦ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠠᠴᠠ ᠬᠠᠮᠢᠶᠠᠷᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠡᠭᠦᠰᠦᠯ ᠠᠴᠠ ᠨᠢ ᠪᠠᠭᠠᠰᠬᠠᠬᠤ ᠪᠠ ᠲᠤᠬᠠᠶ ᠶᠢᠨ ᠭᠠᠵᠠᠷ ᠲᠤᠨᠢ ᠲᠥᠷᠥᠯ ᠬᠤᠪᠢᠶᠠᠬᠤ ᠶᠢ ᠬᠡᠷᠡᠭᠵᠢᠭᠦᠯᠦᠨ᠂ ᠬᠤᠤᠷ ᠥᠬᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠭᠦᠯᠬᠦ ᠬᠡᠷᠡᠭᠲᠡᠶ᠃        ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠲᠦᠷᠢᠮ ᠲᠣᠭᠲᠠᠭᠠᠯ ᠢ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠵᠢᠯᠣᠭᠤᠳᠬᠤ ᠰᠠᠨᠠᠯ ᠢ ᠲᠣᠭᠲᠠᠭᠠᠬᠤ ᠬᠡᠷᠡᠭᠲᠡᠶ︔ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠬᠠᠢ ᠶᠢᠨ ᠵᠠᠰᠠᠭ ᠵᠠᠬᠢᠷᠭᠠᠨ ᠤ ᠣᠷᠣᠨ ᠤ ᠪᠠᠨ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃        ᠠᠷᠪᠠᠨ ᠳᠥᠷᠪᠡᠳᠦᠭᠡᠷ ᠵᠦᠢᠯ    ᠬᠡᠨ ᠠᠰᠢᠭ ᠬᠦᠷᠲᠡᠪᠡᠯ ᠲᠡᠷᠡ ᠰᠦᠢᠳᠬᠡᠯ ᠲᠤᠰᠢᠶᠠᠬᠤ ᠵᠠᠷᠴᠢᠮ ᠤᠨ ᠶᠣᠰᠣᠭᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠲᠣᠰᠬᠤᠨ ᠤ ᠠᠷᠠᠳ ᠤᠨ ᠬᠦᠯᠢᠶᠡᠨ ᠳᠠᠭᠠᠭᠠᠬᠤ ᠴᠢᠳᠠᠪᠤᠷᠢ ᠪᠣᠯᠤᠨ ᠪᠡᠯᠡ ᠮᠥᠩᠭᠦ ᠶᠢᠨ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰᠬᠤᠨ ᠤ ᠠᠷᠠᠳ ᠤᠨ ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ᠂ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢ ᠬᠤᠭ ᠨᠣᠪᠰᠢ ᠰᠢᠢᠳᠪᠦᠷᠢᠯᠡᠬᠦ ᠰᠦᠢᠳᠬᠡᠯ ᠲᠤᠰᠢᠶᠠᠯᠭᠠᠬᠤ ᠪᠠᠷ ᠲᠣᠭᠲᠠᠭᠠᠵᠤ ᠪᠣᠯᠤᠨ᠎ᠠ᠃ ᠬᠤᠭ ᠨᠣᠪᠰᠢ ᠰᠢᠢᠳᠪᠦᠷᠢᠯᠡᠬᠦ ᠰᠦᠢᠳᠬᠡᠯ ᠢ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠵᠡᠷᠭᠡ ᠲᠤᠰᠬᠠᠶ ᠵᠦᠢᠯ ᠳᠤ ᠬᠡᠷᠡᠭᠯᠡᠵᠦ᠂ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠢᠯᠡ ᠨᠡᠶᠢᠲᠡᠯᠡᠵᠦ᠂ ᠲᠣᠰᠬᠤᠨ ᠤ ᠠᠷᠠᠳ ᠪᠣᠯᠤᠨ ᠨᠡᠶᠢᠭᠡᠮ ᠤᠨ ᠬᠢᠨ ᠤ ᠬᠢᠨᠠᠯᠲᠠ ᠶᠢ ᠬᠦᠯᠢᠶᠡᠬᠦ ᠬᠡᠷᠡᠭᠲᠡᠶ᠃        ᠠᠷᠪᠠᠨ ᠲᠠᠪᠤᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠳᠤᠤᠷᠠᠬᠢ ᠮᠡᠲᠦ ᠲᠠᠪᠤᠨ ᠲᠥᠷᠥᠯ ᠳᠤ ᠬᠤᠪᠢᠶᠠᠵᠤ ᠪᠣᠯᠤᠨ᠎ᠠ᠄        ︵ᠨᠢᠭᠡ︶ ᠣᠪᠣᠭᠠᠷᠠᠭᠰᠠᠨ ᠪᠣᠷᠳᠣᠭᠤᠷ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ᠂ ᠢᠳᠡᠰᠢᠨ ᠨᠣᠭᠤᠭ᠎ᠠ ᠭᠤᠸᠠ ᠵᠢᠮᠢᠰ ᠤᠨ ᠬᠤᠭ ᠨᠣᠪᠰᠢ᠂ ᠰᠢᠨ᠎ᠡ ᠰᠣᠷᠭᠤᠭ ᠤᠷᠭᠤᠮᠠᠯ ᠤᠨ ᠡᠰᠢ ᠨᠠᠪᠴᠢ ᠵᠡᠷᠭᠡ ᠶᠢ ᠪᠠᠭᠲᠠᠭᠠᠨ᠎ᠠ᠃        ︵ᠬᠤᠶᠠᠷ︶ ᠲᠦᠯᠡᠰᠢᠨ ᠬᠤᠭ ᠨᠣᠪᠰᠢ᠂ ᠡᠭᠦᠨ ᠳᠤ ᠡᠷᠳᠡᠨᠢ ᠰᠢᠰᠢ ᠶᠢᠨ ᠭᠤᠣᠯ᠂ ᠬᠠᠲᠠᠭᠰᠠᠨ ᠤᠷᠭᠤᠮᠠᠯ ᠤᠨ ᠡᠰᠢ ᠨᠠᠪᠴᠢ᠂ ᠬᠠᠶᠠᠭᠳᠠᠮᠠᠯ ᠮᠣᠳᠣᠨ ᠮᠠᠲ᠋ᠧᠷᠢᠶᠠᠯ ᠵᠡᠷᠭᠡ ᠪᠠᠭᠲᠠᠨ᠎ᠠ᠃        ︵ᠭᠤᠷᠪᠠ︶ ᠨᠦᠬᠡ ᠳᠠᠶᠢᠯᠠᠬᠤ ᠬᠤᠭ ᠨᠣᠪᠰᠢ ᠳᠤ ᠦᠨᠡᠰᠦ ᠰᠢᠷᠣᠶ᠂ ᠨᠡᠭᠦᠷᠡᠰᠦᠨ ᠰᠢᠭᠠᠷᠤ᠂ ᠦᠯᠡᠳᠡᠭᠳᠡᠯ ᠰᠢᠷᠣᠶ᠂ ᠬᠠᠶᠠᠭᠳᠠᠮᠠᠯ ᠪᠠᠷᠢᠯᠭ᠎ᠠ ᠶᠢᠨ ᠲᠣᠭᠤᠰᠬ᠎ᠠ ᠸᠠᠭᠠᠷ ᠴᠢᠯᠠᠭᠤ ᠵᠡᠷᠭᠡ ᠪᠠᠭᠲᠠᠨ᠎ᠠ᠃        ︵ᠳᠥᠷᠪᠡ︶ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠳᠤ ᠬᠠᠶᠠᠭᠳᠠᠮᠠᠯ ᠴᠠᠭᠠᠰᠤ᠂ ᠬᠠᠶᠠᠭᠳᠠᠮᠠᠯ ᠰᠦᠯᠢᠶᠣᠣ᠂ ᠬᠠᠶᠠᠭᠳᠠᠮᠠᠯ ᠲᠡᠮᠦᠷᠯᠢᠭ᠂ ᠬᠠᠶᠠᠭᠳᠠᠮᠠᠯ ᠪᠤᠭᠤᠳᠠᠯ ᠪᠠᠭᠯᠠᠭ᠎ᠠ ᠯᠣᠩᠬᠤ ᠰᠠᠪᠠ᠂ ᠬᠠᠶᠠᠭᠳᠠᠮᠠᠯ ᠬᠠᠭᠤᠴᠢᠨ ᠨᠡᠬᠡᠮᠡᠯ ᠡᠳ᠋᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠂ ᠬᠠᠶᠠᠭᠳᠠᠮᠠᠯ ᠰᠢᠯ ᠪᠣᠯᠤᠨ ᠬᠠᠶᠠᠭᠳᠠᠮᠠᠯ ᠴᠠᠭᠠᠰᠤ ᠰᠦᠯᠢᠶᠣᠣ ᠬᠥᠩᠭᠡᠨ ᠴᠠᠭᠠᠨ ᠤ ᠨᠡᠶᠢᠯᠡᠮᠡᠯ ᠪᠣᠭᠤᠳᠠᠯ ᠵᠡᠷᠭᠡ ᠪᠠᠭᠲᠠᠨ᠎ᠠ᠃        ︵ᠲᠠᠪᠤ︶ ᠬᠤᠣᠷᠲᠠᠢ ᠬᠤᠭ ᠨᠣᠪᠰᠢ ᠳᠤ ᠬᠠᠶᠠᠭᠳᠠᠮᠠᠯ ᠳ᠋ᠢᠶᠠᠨ ᡂᠢ᠂ ᠬᠠᠶᠠᠭᠳᠠᠮᠠᠯ ᠴᠡᠭᠡᠨ ᠬᠡᠷᠡᠯ ᠤᠨ ᠳ᠋ᠧᠩ ᠤᠨ ᠬᠤᠭᠤᠯᠠᠶ᠂ ᠬᠠᠶᠠᠭᠳᠠᠮᠠᠯ ᠳᠤᠯᠠᠭᠠᠨ ᠤ ᠬᠡᠮᠵᠢᠭᠦᠷ᠂ ᠬᠠᠶᠠᠭᠳᠠᠮᠠᠯ ᠴᠢᠰᠤᠨ ᠳᠠᠷᠤᠯᠲᠠ ᠶᠢᠨ ᠬᠡᠮᠵᠢᠭᠦᠷ᠂ ᠬᠠᠶᠠᠭᠳᠠᠮᠠᠯ ᠡᠮ ᠤᠨ ᠵᠦᠢᠯ ᠵᠢᠴᠢ ᠯᠣᠩᠬᠤ ᠰᠠᠪᠠ᠂ ᠬᠠᠶᠠᠭᠳᠠᠮᠠᠯ ᠰᠢᠷ ᠪᠣᠯᠤᠨ ᠠᠭᠤᠰᠬᠠᠭᠴᠢ ᠵᠢᠴᠢ ᠪᠣᠭᠤᠳᠠᠯ ᠰᠠᠪᠠ᠂ ᠬᠠᠶᠠᠭᠳᠠᠮᠠᠯ ᠬᠤᠷᠣᠬᠠᠶ ᠠᠯᠠᠬᠤ ᠰᠦᠷᠴᠢᠭᠦᠷ ᠪᠣᠯᠤᠨ ᠠᠷᠢᠭᠤᠳᠬᠠᠬᠤ ᠰᠦᠷᠴᠢᠭᠦᠷ ᠵᠢᠴᠢ ᠪᠣᠭᠤᠳᠠᠯ ᠰᠠᠪᠠ ᠂ ᠬᠠᠶᠠᠭᠳᠠᠮᠠᠯ ᠢᠯᠳᠠᠰᠤ ᠵᠢᠴᠢ ᠬᠠᠶᠠᠭᠳᠠᠮᠠᠯ ᠬᠡᠷᠡᠯ ᠵᠢᠷᠤᠭ ᠤᠨ ᠴᠠᠭᠠᠰᠤ᠂ ᠬᠤᠭᠤᠴᠠᠭᠠᠨ ᠠᠴᠠ ᠪᠠᠨ ᠬᠡᠲᠦᠷᠡᠭᠰᠡᠨ ᠭᠤᠶᠤᠯᠠᠯ ᠤᠨ ᠡᠳ᠋ ᠪᠣᠯᠤᠨ ᠭᠡᠵᠢᠭᠡᠨ ᠤ ᠪᠤᠳᠤᠭ ᠵᠡᠷᠭᠡ ᠶᠢ ᠪᠠᠭᠲᠠᠭᠠᠨ᠎ᠠ᠃        ᠠᠷᠪᠠᠨ ᠵᠢᠷᠭᠤᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠠᠷᠢᠯᠭᠠᠨ ᠴᠡᠪᠡᠷᠯᠡᠬᠦ᠂ ᠲᠥᠷᠥᠯ ᠬᠤᠪᠢᠶᠠᠬᠤ ᠠᠵᠢᠯ ᠳᠤ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ ᠬᠠᠷᠢᠭᠤᠴᠠᠭᠴᠢ ᠨᠢ ᠬᠠᠷᠢᠭᠤᠴᠠᠭᠰᠠᠨ ᠣᠷᠣᠨ ᠤ ᠪᠠᠨ ᠬᠡᠪᠴᠢᠶᠡᠨ ᠳᠠᠬᠢ ᠬᠤᠭ ᠨᠣᠪᠰᠢ ᠶᠢ ᠠᠷᠢᠯᠭᠠᠨ ᠴᠡᠪᠡᠷᠯᠡᠬᠦ ᠪᠠ ᠲᠥᠷᠥᠯ ᠬᠤᠪᠢᠶᠠᠬᠤ ᠶᠢ ᠬᠠᠷᠢᠭᠤᠴᠠᠨ᠎ᠠ᠄        ︵ᠨᠢᠭᠡ︶ ᠮᠠᠯᠴᠢᠨ ᠲᠠᠷᠢᠶᠠᠴᠢᠳ ᠤᠨ ᠰᠠᠭᠤᠵᠤ ᠪᠠᠶᠢᠭ᠎ᠠ ᠭᠡᠷ ᠵᠢᠴᠢ ᠬᠦᠷᠢᠶ᠎ᠡ ᠬᠠᠰᠢᠶᠠᠨ ᠤ ᠡᠷᠭᠢᠨ ᠲᠣᠭᠤᠷᠢᠨ ᠤ ᠬᠠᠷᠢᠭᠤᠴᠠᠯᠭᠠᠲᠠᠨ ᠨᠢ ᠲᠤᠬᠠᠢ ᠶᠢᠨ ᠰᠠᠭᠤᠭᠠᠯᠢ ᠢᠷᠭᠡᠨ ᠪᠤᠶᠤ ᠲᠤᠬᠠᠢ ᠶᠢᠨ ᠬᠡᠷᠡᠭᠯᠡᠭᠴᠢ ᠪᠣᠯᠤᠨ᠎ᠠ᠃        ︵ᠬᠤᠶᠠᠷ︶ ᠭᠠᠴᠠᠭ᠎ᠠ ᠲᠣᠰᠬᠤᠨ ᠤ ᠬᠡᠪᠴᠢᠶᠡᠨ ᠳᠣᠲᠣᠷᠠᠬᠢ ᠵᠠᠮ᠂ ᠭᠤᠤᠯ ᠤᠨ ᠵᠠᠮ᠂ ᠭᠤᠤ ᠰᠤᠪᠠᠭ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠣᠯᠠᠨ ᠨᠡᠶᠢᠲᠡ ᠶᠢᠨ ᠭᠠᠵᠠᠷ ᠤᠨ ᠬᠠᠷᠢᠭᠤᠴᠠᠯᠭᠠᠲᠠᠨ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ ᠪᠣᠯᠤᠨ᠎ᠠ᠃        ︵ᠭᠤᠷᠪᠠ︶ ᠴᠤᠭᠯᠠᠭ᠎ᠠ ᠮᠠᠶᠢᠮᠠᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠨᠢ ᠬᠠᠮᠢᠶᠠᠷᠤᠭᠴᠢ ᠪᠣᠯᠤᠨ᠎ᠠ᠃        ︵ᠲᠦᠷᠪᠡ︶ ᠳᠡᠯᠭᠡᠭᠦᠷ᠂ ᠵᠤᠭᠠᠴᠠᠯ ᠤᠨ ᠭᠠᠵᠠᠷ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ᠡᠵᠡᠩᠨᠡᠯᠲᠡ ᠶᠢᠨ ᠲᠠᠯᠠᠪᠤᠷ ᠤᠨ ᠡᠵᠡᠩᠨᠡᠭᠴᠢ ᠨᠢ ᠬᠠᠷᠢᠭᠤᠴᠠᠯᠭᠠᠲᠠᠨ ᠮᠥᠨ᠃        ︵ᠲᠠᠪᠤ︶ ᠴᠡᠴᠡᠷᠯᠢᠭ᠂ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠭᠴᠢ ᠨᠢ ᠬᠠᠷᠢᠭᠤᠴᠠᠯᠭᠠᠲᠠᠨ ᠮᠥᠨ᠃        ︵ᠵᠢᠷᠭᠤᠭ᠎ᠠ︶ ᠪᠠᠶᠢᠭᠤᠯᠭ᠎ᠠ ᠨᠢᠭᠡᠴᠢ ᠶᠢᠨ ᠠᠵᠢᠯ ᠤᠨ ᠭᠠᠵᠠᠷ ᠪᠠ ᠦᠢᠯᠡᠳᠪᠦᠷᠢ ᠶᠢᠨ ᠭᠠᠵᠠᠷ ᠪᠣᠯ ᠨᠢᠭᠡᠴᠢ ᠨᠢ ᠬᠠᠷᠢᠭᠤᠴᠠᠯᠭᠠᠲᠠᠨ ᠪᠣᠯᠤᠨ᠎ᠠ᠃        ︵ᠲᠤᠯᠤᠭ᠎ᠠ︶ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠪᠠᠷᠢᠯᠭ᠎ᠠ ᠪᠠᠷᠢᠬᠤ ᠨᠢᠭᠡᠴᠢ ᠨᠢ ᠬᠠᠷᠢᠭᠤᠴᠠᠯᠭᠠᠲᠠᠨ ᠮᠦᠨ᠃ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠵᠤ ᠳᠡᠶᠢᠯᠬᠦ ᠦᠭᠡᠶ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠣᠭᠲᠠᠭᠠᠬᠤ ᠬᠡᠷᠡᠭᠲᠡᠶ᠃        ᠠᠷᠪᠠᠨ ᠳᠣᠯᠣᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠳᠤᠤᠷᠠᠬᠢ ᠱᠠᠭᠠᠷᠳᠠᠯᠭ᠎ᠠ ᠶᠣᠰᠣᠭᠠᠷ ᠲᠥᠷᠥᠯ ᠬᠤᠪᠢᠶᠠᠨ ᠲᠠᠯᠪᠢᠵᠤ᠂ ᠲᠥᠷᠥᠯ ᠬᠤᠪᠢᠶᠠᠨ ᠴᠤᠭᠯᠠᠭᠤᠯᠵᠤ᠂ ᠲᠥᠷᠥᠯ ᠬᠤᠪᠢᠶᠠᠨ ᠰᠢᠢᠳᠪᠦᠷᠢᠯᠡᠨ᠎ᠡ᠄        ︵ᠨᠢᠭᠡ︶ ᠪᠤᠷᠳᠤᠭᠤᠷ ᠢᠶᠠᠷ ᠬᠡᠷᠡᠭᠯᠡᠵᠦ ᠪᠤᠯᠬᠤ ᠬᠤᠭ ᠨᠣᠪᠰᠢ ᠶᠢ ᠬᠤᠪᠢ ᠡᠷᠤᠭᠡ ᠶᠢᠨ ᠬᠦᠷᠢᠶ᠎ᠡ ᠬᠠᠰᠢᠶᠠᠨ ᠳᠠᠭᠠᠨ ᠪᠠᠶᠢᠭᠤᠯᠤᠭᠰᠠᠨ ᠪᠤᠷᠳᠤᠭᠤᠷ ᠣᠪᠣᠭᠠᠯᠠᠬᠤ ᠲᠠᠲᠠᠭᠠᠯ ᠳᠤ ᠬᠠᠶᠠᠬᠤ ᠪᠤᠶᠤ ᠭᠠᠴᠠᠭ᠎ᠠ ᠳᠤᠭᠤᠶᠢᠯᠠᠩ ᠤᠨ ᠲᠥᠪᠯᠡᠷᠡᠭᠰᠡᠨ ᠪᠤᠷᠳᠤᠭᠤᠷ ᠣᠪᠣᠭᠠᠯᠠᠬᠤ ᠲᠠᠲᠠᠭᠠᠯ ᠳᠤ ᠬᠠᠶᠠᠵᠤ᠂ ᠪᠣᠷᠳᠤᠭᠤᠷ ᠪᠣᠯᠭᠠᠵᠤ ᠲᠠᠷᠢᠶᠠᠨ ᠳᠤ ᠬᠢᠨ᠎ᠡ᠃        ︵ᠬᠤᠶᠠᠷ︶ ᠲᠦᠯᠡᠵᠦ ᠪᠤᠯᠬᠤ ᠬᠤᠭ ᠨᠣᠪᠰᠢ ᠶᠢ ᠲᠣᠭᠲᠠᠭᠰᠠᠨ ᠭᠠᠵᠠᠷ ᠲᠤ ᠬᠠᠳᠠᠭᠠᠯᠠᠵᠤ᠂ ᠠᠮᠢᠳᠤᠷᠠᠯ ᠤᠨ ᠲᠦᠯᠡᠰᠢ ᠪᠣᠯᠭᠠᠬᠤ ᠳᠤ ᠬᠡᠷᠡᠭᠯᠡᠬᠦ ᠬᠡᠷᠡᠭᠲᠡᠢ᠃        ︵ᠭᠤᠷᠪᠠ︶ ᠨᠥᠬᠡ ᠳᠠᠶᠢᠯᠠᠬᠤ ᠬᠤᠭ ᠨᠣᠪᠰᠢ ᠶᠢ ᠭᠠᠴᠠᠭ᠎ᠠ ᠳᠤᠭᠤᠶᠢᠯᠠᠩ ᠤᠨ ᠲᠤᠭᠲᠠᠭᠠᠭᠰᠠᠨ ᠭᠠᠵᠠᠷ ᠲᠤ ᠵᠥᠭᠡᠭᠡᠪᠦᠷᠢᠯᠡᠨ ᠠᠪᠠᠴᠢᠵᠤ᠂ ᠵᠠᠮ ᠳᠡᠪᠢᠰᠴᠦ ᠨᠦᠭᠡ ᠪᠦᠭᠯᠡᠵᠦ ᠲᠡᠭᠰᠢᠯᠡᠬᠦ ᠳᠤ ᠬᠡᠷᠡᠭᠯᠡᠬᠦ ᠬᠡᠷᠡᠭᠲᠡᠢ᠃        ︵ᠳᠥᠷᠪᠡ︶ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠶᠢ ᠦᠪᠡᠷᠲᠡᠭᠡᠨ ᠬᠤᠳᠠᠯᠳᠣᠬᠤ ᠪᠤᠶᠤ ᠵᠣᠬᠢᠰᠲᠠᠢ ᠬᠤᠭ ᠨᠣᠪᠰᠢ ᠬᠤᠷᠢᠶᠠᠨ ᠴᠤᠭᠯᠠᠭᠤᠯᠬᠤ ᠰᠠᠪᠠ ᠳᠤ ᠬᠢᠵᠦ᠂ ᠴᠡᠪᠡᠷᠯᠡᠭᠴᠢ ᠬᠤᠷᠢᠶᠠᠨ ᠴᠤᠭᠯᠠᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠡᠭᠡᠭᠦᠯᠦᠨ ᠬᠤᠷᠢᠶᠠᠵᠤ ᠠᠰᠢᠭᠯᠠᠨ᠎ᠠ᠃        ︵ᠲᠠᠪᠤ︶ ᠬᠤᠣᠷᠲᠠᠢ ᠬᠤᠭ ᠨᠣᠪᠰᠢ ᠶᠢ ᠲᠣᠬᠢᠲᠠᠢ ᠬᠠᠳᠠᠭᠠᠯᠠᠵᠤ᠂ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠤᠰᠬᠠᠢ ᠠᠵᠢᠯ ᠤᠨ ᠨᠢᠭᠡᠴᠢ ᠳᠤ ᠨᠠᠶᠢᠳᠠᠵᠤ ᠲᠤᠰᠠᠭᠠᠷ ᠬᠤᠷᠢᠶᠠᠨ ᠲᠡᠭᠡᠭᠡᠪᠦᠷᠢᠯᠡᠵᠦ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠠᠮᠢᠶ᠎ᠠ ᠪᠦᠬᠦᠢ ᠭᠠᠵᠠᠷ ᠲᠤ ᠠᠪᠠᠴᠢᠨ ᠰᠢᠢᠳᠪᠦᠷᠢᠯᠡᠬᠦ ᠬᠡᠷᠡᠭᠲᠡᠢ᠃        ᠬᠤᠪᠢ ᠬᠤᠷᠠᠮᠳᠤᠭᠤᠯᠵᠤ ᠱᠠᠩᠨᠠᠯ ᠣᠯᠭᠤᠬᠤ᠂ ᠣᠳᠣᠨ ᠲᠠᠰ ᠤᠨ ᠦᠨᠡᠯᠡᠨ ᠲᠣᠭᠲᠠᠭᠠᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ᠂ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢᠨ ᠠᠮᠢᠳᠤᠷᠠᠯ ᠤᠨ ᠬᠤᠭ ᠨᠣᠪᠰᠢ ᠪᠠᠨ ᠲᠥᠷᠥᠯ ᠬᠤᠪᠢᠶᠠᠨ ᠪᠠᠭᠠᠰᠬᠠᠬᠤ ᠶᠢ ᠵᠣᠷᠢᠭᠵᠢᠭᠤᠯᠤᠨ᠎ᠠ᠃        ᠠᠷᠪᠠᠨ ᠨᠠᠢᠮᠠᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ ᠲᠡᠭᠡᠭᠡᠪᠦᠷᠢᠯᠡᠵᠦ᠂ ᠲᠡᠭᠡᠭᠡᠪᠦᠷᠢᠯᠡᠬᠦ ᠶᠠᠪᠤᠴᠠ ᠳᠤ ᠨᠢᠭᠲᠠ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠶᠠᠬᠤ᠂ ᠬᠡᠶᠢᠰᠬᠡᠬᠦ᠂ ᠣᠷᠬᠢᠭᠳᠠᠭᠤᠯᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃        ᠠᠷᠪᠠ ᠶᠢᠰᠦᠳᠦᠭᠡᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠡᠳ᠋ ᠪᠣᠳᠠᠰ ᠪᠤᠶᠤ ᠳᠠᠬᠢᠨ ᠠᠰᠢᠭᠯᠠᠬᠤ ᠡᠬᠢ ᠪᠠᠶᠠᠯᠢᠭ ᠢ ᠲᠥᠪᠯᠡᠷᠡᠭᠦᠯᠦᠨ ᠡᠭᠡᠭᠦᠯᠦᠨ ᠬᠤᠷᠢᠶᠠᠬᠤ ᠴᠡᠭ ᠭᠠᠷᠭᠠᠵᠤ᠂ ᠳᠠᠬᠢᠨ ᠠᠰᠢᠭᠯᠠᠬᠤ ᠡᠬᠢ ᠪᠠᠶᠠᠯᠢᠭ ᠯᠤᠭ᠎ᠠ ᠵᠣᠬᠢᠴᠠᠯᠳᠤᠭᠰᠠᠨ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠪᠠᠶᠢᠭᠤᠯᠬᠤ ᠶᠢ ᠬᠥᠲᠥᠯᠦᠨ ᠵᠢᠯᠣᠭᠤᠳᠬᠤ ᠬᠡᠷᠡᠭᠲᠡᠶ᠃        ᠬᠤᠷᠢᠳᠤᠭᠠᠷ ᠵᠦᠢᠯ    ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠲᠠᠷᠢᠶᠠᠯᠠᠬᠤ ᠮᠠᠯᠵᠢᠬᠤ ᠣᠷᠣᠨ ᠤ ᠬᠤᠭ ᠨᠣᠪᠰᠢ ᠣᠪᠣᠭᠠᠯᠠᠬᠤ ᠲᠤᠰᠬᠠᠢ ᠪᠤᠰᠤ ᠴᠡᠭ ᠢ ᠲᠣᠭᠲᠠᠮᠠᠯ ᠬᠤᠭᠤᠴᠠᠭ᠎ᠠ ᠲᠠᠢ ᠪᠠᠷ ᠳᠠᠷᠤᠨ ᠪᠠᠶᠢᠴᠠᠭᠠᠬᠤ ᠪᠠ ᠴᠡᠭᠴᠡᠯᠡᠨ ᠵᠠᠰᠠᠬᠤ ᠬᠡᠷᠡᠭᠲᠡᠶ᠃        ᠬᠤᠷᠢᠨ ᠨᠢᠭᠡᠳᠦᠭᠡᠷ ᠵᠦᠢᠯ    ᠶᠠᠮᠠᠷᠪᠠ ᠨᠢᠭᠡᠴᠢ ᠪᠣᠯᠤᠨ ᠬᠤᠪᠢ ᠬᠥᠮᠦᠨ ᠳᠣᠣᠷᠠᠬᠢ ᠮᠡᠲᠦ ᠥᠢᠯᠡ ᠠᠵᠢᠯᠯᠠᠭ᠎ᠠ ᠶᠢ ᠬᠢᠵᠦ ᠪᠣᠯᠬᠤ ᠥᠭᠡᠢ᠄        ︵ᠨᠢᠭᠡ︶ ᠲᠣᠭᠲᠠᠭᠰᠠᠨ ᠭᠠᠵᠠᠷ ᠲᠤ ᠲᠦᠷᠦᠯ ᠬᠤᠪᠢᠶᠠᠨ ᠬᠤᠭ ᠨᠣᠪᠰᠢ ᠬᠠᠶᠠᠭᠰᠠᠨ ᠦᠭᠡᠢ᠃        ︵ᠬᠤᠶᠠᠷ︶ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠬᠤ᠂ ᠬᠠᠶᠠᠬᠤ᠂ ᠴᠢᠳᠬᠤᠬᠤ᠂ ᠪᠤᠯᠠᠬᠤ ᠪᠤᠶᠤ ᠰᠢᠲᠠᠭᠠᠬᠤ᠃        ︵ᠭᠤᠷᠪᠠ︶ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠶᠢ ᠬᠠᠶᠠᠬᠤ᠂ ᠬᠡᠶᠢᠰᠬᠡᠬᠦ᠂ ᠭᠡᠭᠡᠭᠳᠡᠭᠦᠯᠬᠦ᠃        ︵ᠲᠦᠷᠪᠡ︶ ᠬᠤᠭ ᠨᠣᠪᠰᠢ ᠴᠤᠭᠯᠠᠭᠤᠯᠬᠤ᠂ ᠲᠡᠭᠡᠭᠡᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ ᠡᠪᠳᠡᠵᠦ ᠰᠦᠢᠳᠬᠡᠭᠰᠡᠨ᠂ ᠡᠵᠡᠯᠡᠭᠰᠡᠨ ᠪᠤᠶᠤ ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ ᠳᠤᠷ᠎ᠠ ᠪᠠᠷ ᠢᠶᠠᠨ ᠬᠠᠭᠠᠭᠰᠠᠨ᠂ ᠰᠤᠯᠠ ᠣᠷᠬᠢᠭᠰᠠᠨ᠂ ᠡᠪᠳᠡᠵᠦ ᠨᠤᠷᠠᠭᠠᠭᠰᠠᠨ᠃        ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ᠃        ᠳᠥᠷᠪᠡᠳᠦᠭᠡᠷ ᠪᠦᠯᠦᠭ    ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ        ᠬᠤᠷᠢᠨ ᠬᠤᠶᠠᠳᠤᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠷᠣᠨ ᠪᠠᠶᠢᠷᠢ ᠶᠢᠨ ᠨᠥᠬᠦᠴᠡᠯ᠂ ᠠᠶᠢᠯ ᠲᠣᠰᠬᠤᠨ ᠤ ᠬᠥᠮᠦᠨ ᠠᠮᠠ ᠶᠢᠨ ᠲᠥᠪᠯᠡᠷᠡᠭᠰᠡᠨ ᠬᠡᠮᠵᠢᠶ᠎ᠡ᠂ ᠪᠣᠬᠢᠷ ᠤᠰᠤ ᠭᠠᠷᠬᠤ ᠬᠡᠪᠴᠢᠶ᠎ᠡ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠨᠡᠯᠢᠶᠡᠳ ᠣᠶᠢᠷ᠎ᠠ ᠪᠠᠶᠢᠭ᠎ᠠ ᠠᠶᠢᠯ ᠲᠣᠰᠬᠤᠨ ᠨᠢ ᠠᠮᠢᠳᠤᠷᠠᠯ ᠤᠨ ᠪᠣᠬᠢᠷ ᠤᠰᠤ ᠪᠠᠨ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠤᠤᠷ ᠲᠤ ᠤᠷᠤᠰᠬᠠᠨ ᠤᠷᠤᠭᠤᠯᠵᠤ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠶ᠃ ᠬᠤᠲᠠ ᠪᠠᠯᠭᠠᠰᠤ ᠠᠴᠠ ᠨᠡᠯᠢᠶᠡᠳ ᠬᠤᠯᠠ᠂ ᠬᠥᠮᠦᠨ ᠠᠮᠠ ᠨᠢᠭᠲᠠ᠂ ᠨᠢᠭᠡᠨᠲᠡ ᠪᠣᠬᠢᠷ ᠤᠰᠤᠨ ᠤ ᠬᠤᠭᠤᠯᠠᠶ ᠶᠢᠨ ᠲᠣᠣᠷ ᠭᠠᠷᠭᠠᠭᠰᠠᠨ ᠠᠶᠢᠯ ᠲᠣᠰᠬᠤᠨ ᠨᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠪᠠᠶᠢᠭᠤᠯᠵᠤ ᠰᠢᠢᠳᠪᠦᠷᠢᠯᠡᠬᠦ ᠬᠡᠷᠡᠭᠲᠡᠶ᠃ ᠭᠠᠵᠠᠷ ᠤᠨ ᠪᠠᠶᠢᠴᠠ ᠨᠢ ᠪᠤᠳᠤᠯᠢᠶᠠᠨᠲᠠᠶ᠂ ᠬᠥᠮᠦᠨ ᠠᠮᠠ ᠨᠡᠯᠢᠶᠡᠳ ᠴᠥᠭᠡᠨ᠂ ᠲᠠᠷᠠᠬᠠᠶ ᠪᠤᠲᠠᠷᠬᠠᠶ ᠰᠠᠭᠤᠷᠢᠰᠢᠵᠤ ᠪᠠᠶᠢᠭ᠎ᠠ ᠠᠶᠢᠯ ᠲᠣᠰᠬᠤᠨ ᠨᠢ ᠡᠷᠦᠬᠡ ᠳᠤ ᠬᠡᠷᠡᠭᠯᠡᠬᠦ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢ ᠬᠡᠷᠡᠭᠯᠡᠨ ᠰᠢᠢᠳᠪᠦᠷᠢᠯᠡᠵᠦ ᠪᠣᠯᠤᠨ᠎ᠠ᠃        ᠬᠤᠷᠢᠨ ᠭᠤᠷᠪᠠᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠳᠤ ᠤᠰᠤᠨ ᠤ ᠴᠢᠨᠠᠷ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃        ᠬᠤᠷᠢᠨ ᠳᠥᠷᠪᠡᠳᠦᠭᠡᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠳᠤ ᠣᠷᠣᠭᠤᠯᠵᠤ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷ ᠦᠮᠡᠬᠡᠶ ᠤᠰᠤᠨ ᠴᠣᠭᠴᠠ ᠶᠢ ᠠᠷᠢᠯᠭᠠᠨ᠂ ᠤᠰᠤᠨ ᠤ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠬᠡᠷᠡᠭᠲᠡᠶ᠃        ᠬᠤᠷᠢᠨ ᠲᠠᠪᠤᠳᠤᠭᠠᠷ ᠵᠦᠢᠯ    ᠶᠠᠮᠠᠷᠪᠠ ᠨᠢᠭᠡᠴᠢ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄        ︵ᠨᠢᠭᠡ︶ ᠤᠯᠠᠨ ᠨᠡᠶᠢᠲᠡ ᠶᠢᠨ ᠲᠠᠯᠠᠪᠤᠷ᠂ ᠠᠶᠢᠯ ᠲᠣᠰᠬᠤᠨ ᠵᠡᠭᠡᠯᠢ ᠭᠤᠳᠤᠮᠵᠢ᠂ ᠭᠤᠣᠯ ᠤᠨ ᠤᠷᠤᠰᠬᠠᠯ ᠳᠤ ᠠᠮᠢᠳᠤᠷᠠᠯ ᠤᠨ ᠪᠣᠬᠢᠷ ᠤᠰᠤ ᠴᠢᠳᠬᠤᠬᠤ        ︵ᠬᠤᠶᠠᠷ︶ ᠤᠰᠤ ᠨᠡᠪᠴᠢᠭᠦᠯᠬᠦ ᠬᠤᠳᠳᠤᠭ᠂ ᠤᠰᠤ ᠨᠡᠪᠴᠢᠭᠦᠯᠬᠦ ᠨᠦᠬᠡ ᠵᠡᠷᠭᠡ ᠪᠠᠷ ᠳᠠᠮᠵᠢᠭᠤᠯᠤᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ        ︵ᠭᠤᠷᠪᠠ︶ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠲᠣᠣᠷ᠂ ᠰᠢᠢᠳᠪᠦᠷᠢᠯᠡᠬᠦ ᠲᠦᠬᠦᠭᠡᠷᠦᠮᠵᠢ ᠶᠢ ᠨᠢ ᠡᠪᠳᠡᠵᠦ ᠰᠦᠢᠳᠬᠡᠭᠡᠳ᠂ ᠲᠡᠭᠦᠨ ᠳᠤ ᠬᠤᠭ ᠨᠣᠪᠰᠢ᠂ ᠬᠠᠶᠠᠭᠳᠠᠮᠠᠯ ᠰᠢᠷᠣᠶ᠂ ᠪᠠᠷᠢᠯᠭ᠎ᠠ ᠶᠢᠨ ᠠᠵᠢᠯ ᠤᠨ ᠬᠠᠶᠠᠭᠳᠠᠭᠰᠠᠨ ᠰᠢᠪᠠᠷ ᠵᠡᠷᠭᠡ ᠬᠠᠶᠠᠭᠳᠠᠮᠠᠯ ᠵᠶᠠᠨ ᠴᠢᠳᠬᠤᠬᠤ        ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ        ᠲᠠᠪᠤᠳᠤᠭᠠᠷ ᠪᠦᠯᠦᠭ    ᠵᠣᠷᠯᠣᠩ ᠢ ᠥᠭᠡᠷᠡᠴᠢᠯᠡᠬᠦ ᠪᠠ ᠪᠠᠶᠢᠭᠤᠯᠬᠤ        ᠬᠤᠷᠢᠨ ᠵᠢᠷᠭᠤᠳᠤᠭᠠᠷ ᠵᠦᠢᠯ    ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠣᠷᠣᠨ ᠤ ᠪᠠᠨ ᠭᠠᠵᠠᠷ ᠵᠦᠶ ᠶᠢᠨ ᠣᠷᠴᠢᠨ ᠲᠣᠭᠤᠷᠢᠨ᠂ ᠠᠭᠤᠷ ᠠᠮᠢᠰᠬᠤᠯ ᠤᠨ ᠣᠨᠴᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠᠨ ᠦᠨᠳᠦᠰᠦᠯᠡᠨ᠂ ᠲᠥᠬᠦᠮ᠂ ᠬᠡᠷᠡᠭᠯᠡᠵᠦ ᠪᠤᠯᠬᠤ᠂ ᠥᠪᠡᠷ ᠤᠨ ᠥᠷᠲᠡᠭ ᠨᠢ ᠲᠣᠬᠢᠷᠠᠮᠵᠢᠲᠠᠶ᠂ ᠮᠡᠷᠭᠡᠵᠢᠯ ᠨᠢ ᠪᠣᠯᠪᠠᠰᠤᠷᠠᠩᠭᠤᠶ᠂ ᠣᠯᠠᠨ ᠲᠦᠮᠡᠨ ᠭᠥᠯᠢᠶᠡᠨ ᠠᠪᠴᠤ ᠳᠡᠶᠢᠯᠬᠦ ᠵᠣᠷᠯᠣᠩ ᠤᠨ ᠥᠭᠡᠷᠡᠴᠢᠯᠡᠯᠲᠡ ᠶᠢᠨ ᠵᠠᠭᠪᠤᠷ ᠢ ᠰᠣᠩᠭᠤᠵᠤ᠂ ᠡᠷᠦᠬᠡ ᠳᠤ ᠬᠡᠷᠡᠭᠯᠡᠬᠦ ᠵᠣᠷᠯᠣᠩ ᠢ ᠲᠦᠭᠡᠮᠡᠯᠵᠢᠭᠦᠯᠦᠨ ᠳᠡᠯᠭᠡᠷᠡᠭᠦᠯᠬᠦ ᠬᠡᠷᠡᠭᠲᠡᠶ᠃ ᠡᠷᠦᠬᠡ ᠳᠤ ᠬᠡᠷᠡᠭᠯᠡᠬᠦ ᠵᠣᠷᠯᠣᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠤᠯ ᠤᠨ ᠪᠠᠶᠢᠭᠰᠠᠨ ᠵᠣᠷᠯᠣᠩ ᠢ ᠨᠢ ᠨᠤᠷᠠᠭᠠᠵᠤ ᠬᠠᠶᠠᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠡᠷᠦᠬᠡ ᠳᠤ ᠬᠡᠷᠡᠭᠯᠡᠬᠦ ᠵᠣᠷᠯᠣᠩ ᠢ ᠵᠡᠷᠭᠡ ᠳᠤᠨᠢ ᠢᠵᠢ ᠪᠦᠷᠢᠳᠦᠭᠦᠯᠦᠨ ᠪᠠᠶᠢᠭᠤᠯᠬᠤ ᠬᠡᠷᠡᠭᠲᠡᠶ᠃        ᠬᠤᠷᠢᠨ ᠳᠣᠯᠣᠳᠤᠭᠠᠷ ᠵᠦᠢᠯ    ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠷᠢᠭᠤᠨ ᠴᠡᠪᠡᠷ ᠤᠨ ᠪᠠᠷᠢᠮᠵᠢᠶ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠵᠣᠷᠯᠣᠩ ᠪᠣᠯᠤᠨ ᠵᠢᠭᠤᠯᠴᠢᠯᠠᠯ ᠤᠨ ᠵᠣᠷᠯᠣᠩ ᠢ ᠵᠦᠶ ᠵᠣᠬᠢᠰᠲᠠᠶ ᠪᠠᠶᠢᠷᠢᠰᠢᠭᠤᠯᠤᠨ ᠪᠠᠶᠢᠭᠤᠯᠬᠤ ᠬᠡᠷᠡᠭᠲᠡᠶ᠃ ᠨᠥᠬᠦᠴᠡᠯ ᠲᠠᠢ ᠠᠶᠢᠯ ᠲᠣᠰᠬᠤᠨ ᠨᠢ ᠤᠰᠤ ᠪᠠᠷ ᠵᠠᠶᠢᠯᠠᠬᠤ ᠨᠡᠶᠢᠲᠡ ᠶᠢᠨ ᠵᠣᠷᠯᠣᠩ ᠪᠠᠶᠢᠭᠤᠯᠬᠤ ᠬᠡᠷᠡᠭᠲᠡᠶ᠃        ᠬᠤᠷᠢᠨ ᠨᠠᠢᠮᠠᠳᠤᠭᠠᠷ ᠵᠦᠢᠯ    ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠵᠣᠷᠯᠣᠩ ᠢ ᠦᠭᠡᠷᠡᠴᠢᠯᠡᠨ ᠪᠠᠶᠢᠭᠤᠯᠬᠤ ᠪᠠ ᠪᠠᠷᠢᠯᠭ᠎ᠠ ᠪᠠᠶᠢᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠵᠣᠷᠯᠣᠩ ᠢ ᠬᠠᠮᠢᠶᠠᠷᠴᠤ ᠬᠠᠮᠠᠭᠠᠯᠠᠬᠤ ᠲᠣᠭᠲᠠᠴᠠ ᠪᠣᠯᠤᠨ ᠰᠡᠯᠪᠢᠨ ᠵᠠᠰᠠᠬᠤ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠬᠡᠷᠡᠭᠲᠡᠶ᠃        ᠬᠤᠷᠢ ᠶᠢᠰᠦᠳᠦᠭᠡᠷ ᠵᠦᠢᠯ    ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠰᠢᠰᠲ᠋ᠧᠮᠵᠢ ᠪᠠᠶᠢᠭᠤᠯᠬᠤ ᠶᠢ ᠬᠥᠲᠥᠯᠦᠨ ᠵᠢᠯᠣᠭᠤᠳᠴᠤ᠂ ᠵᠣᠷᠯᠣᠩ ᠤᠨ ᠪᠠᠭᠠᠰᠤ ᠰᠢᠭᠡᠰᠦ ᠶᠢ ᠴᠤᠭᠯᠠᠭᠤᠯᠤᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠶ᠃        ᠵᠢᠷᠭᠤᠳᠤᠭᠠᠷ ᠪᠦᠯᠦᠭ    ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠯ ᠡᠳ᠋ ᠤᠨ ᠵᠠᠰᠠᠯᠲᠠ        ᠭᠤᠴᠢᠳᠤᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠮᠤ ᠪᠤᠳᠠᠭ᠎ᠠ᠂ ᠢᠳᠡᠰᠢᠨ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ ᠵᠡᠷᠭᠡ ᠲᠠᠷᠢᠮᠠᠯ ᠤᠨ ᠡᠰᠢ ᠰᠦᠷᠡᠯ ᠢ ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ ᠪᠠ ᠠᠰᠢᠭᠯᠠᠬᠤ ᠶᠢ ᠨᠢᠭᠡ ᠴᠣᠭᠴᠠᠵᠢᠭᠤᠯᠬᠤ ᠰᠢᠰᠲ᠋ᠧᠮᠵᠢ ᠪᠠᠶᠢᠭᠤᠯᠬᠤ ᠶᠢ ᠬᠥᠲᠥᠯᠥᠨ ᠵᠢᠯᠣᠭᠤᠳᠴᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠠᠪᠤᠳᠠᠯ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃        ᠭᠤᠴᠢᠨ ᠨᠢᠭᠡᠳᠦᠭᠡᠷ ᠵᠦᠢᠯ    ᠲᠠᠷᠢᠶᠠᠯᠠᠩ ᠮᠠᠯ ᠠᠵᠤ ᠠᠬᠤᠶ ᠳᠤ ᠣᠷᠣᠭᠤᠯᠬᠤ ᠡᠳ᠋ ᠤᠨ ᠦᠢᠯᠡᠳᠪᠦᠷᠢᠯᠡᠭᠴᠢ᠂ ᠪᠣᠷᠣᠯᠠᠭᠤᠯᠤᠭᠴᠢ ᠪᠣᠯᠤᠨ ᠬᠡᠷᠡᠭᠯᠡᠭᠴᠢ ᠨᠢ ᠲᠠᠷᠢᠶᠠᠨ ᠡᠮ᠂ ᠪᠣᠷᠲᠣᠭᠤᠷ ᠵᠡᠷᠭᠡ ᠲᠠᠷᠢᠶᠠᠯᠠᠩ ᠮᠠᠯ ᠠᠵᠤ ᠠᠬᠤᠶ ᠳᠤ ᠣᠷᠣᠭᠤᠯᠬᠤ ᠡᠳ᠋ ᠤᠨ ᠪᠣᠭᠤᠳᠠᠯ ᠪᠠᠭᠯᠠᠭ᠎ᠠ᠂ ᠯᠣᠩᠬᠤ ᠰᠠᠪᠠ ᠶᠢᠨ ᠬᠠᠶᠠᠭᠳᠠᠯ ᠪᠣᠯᠤᠨ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠪᠦᠷᠬᠦᠪᠴᠢ᠂ ᠤᠰᠤᠯᠠᠯᠲᠠ ᠶᠢᠨ ᠬᠤᠭᠤᠯᠠᠶ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ ᠶᠢ ᠴᠠᠭ ᠲᠤᠬᠠᠶ ᠳᠤᠨᠢ ᠬᠤᠷᠢᠶᠠᠨ ᠠᠪᠬᠤ ᠶᠢᠨ ᠬᠠᠮᠲᠤ᠂ ᠲᠠᠷᠢᠶᠠᠨ ᠡᠮ ᠤᠨ ᠯᠣᠩᠬᠤ ᠰᠠᠪᠠ ᠶᠢᠨ ᠬᠠᠶᠠᠭᠳᠠᠮᠠᠯ ᠢ ᠲᠤᠰᠬᠠᠶ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠳᠤ ᠲᠤᠰᠢᠶᠠᠨ ᠬᠤᠤᠷ ᠥᠬᠡᠶᠢᠳᠡᠭᠦᠯᠦᠨ ᠰᠢᠢᠳᠪᠦᠷᠢᠯᠡᠭᠦᠯᠬᠦ ᠬᠡᠷᠡᠭᠲᠡᠶ᠃        ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠯᠠᠩ ᠳᠤ ᠬᠡᠷᠡᠭᠯᠡᠭᠰᠡᠨ ᠨᠢᠮᠭᠡᠨ ᠰᠦᠯᠢᠶᠣᠣ ᠪᠦᠷᠬᠦᠪᠴᠢ᠂ ᠤᠰᠤᠯᠠᠯᠲᠠ ᠶᠢᠨ ᠬᠤᠭᠤᠯᠠᠶ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ ᠲᠠᠷᠢᠶᠠᠯᠠᠩ ᠮᠠᠯ ᠠᠵᠤ ᠠᠬᠤᠶ ᠳᠤ ᠣᠷᠣᠭᠤᠯᠤᠭᠰᠠᠨ ᠡᠳ᠋ ᠤᠨ ᠬᠠᠶᠠᠭᠳᠠᠮᠠᠯ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠪᠠᠶᠢᠭᠤᠯᠬᠤ ᠶᠢ ᠬᠥᠲᠥᠯᠥᠨ ᠵᠢᠯᠣᠭᠤᠳᠬᠤ ᠬᠡᠷᠡᠭᠲᠡᠶ        ᠭᠤᠴᠢᠨ ᠬᠤᠶᠠᠳᠤᠭᠠᠷ ᠵᠦᠢᠯ    ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ ᠪᠠ ᠬᠤᠪᠢ ᠬᠥᠮᠦᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯ ᠵᠢᠭᠦᠷᠲᠡᠨ ᠤ ᠢᠯᠭᠠᠳᠠᠰᠤ ᠪᠠ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠢᠢᠳᠪᠦᠷᠢᠯᠡᠵᠦ᠂ ᠣᠷᠴᠢᠨ ᠠᠬᠤᠢ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃        ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠨᠤᠭᠤᠳ ᠮᠠᠯ ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠪᠤᠷᠳᠤᠭᠤᠷ ᠣᠪᠣᠭᠠᠯᠠᠵᠤ ᠲᠠᠷᠢᠶᠠᠨ ᠳᠤ ᠣᠷᠣᠭᠤᠯᠬᠤ᠂ ᠣᠷᠭᠠᠨᠢᠭ ᠪᠤᠷᠳᠤᠭᠤᠷ ᠦᠢᠯᠡᠳᠬᠦ ᠵᠡᠷᠭᠡ ᠠᠷᠭ᠎ᠠ ᠮᠠᠶ᠋ᠢᠭ ᠢᠶᠠᠷ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠨᠥᠬᠦᠴᠡᠯ ᠲᠠᠢ ᠠᠶᠢᠯ ᠲᠣᠰᠬᠤᠨ ᠨᠢ ᠲᠥᠪᠯᠡᠷᠡᠭᠦᠯᠦᠨ ᠪᠣᠷᠳᠣᠭᠤᠷ ᠣᠪᠣᠭᠠᠯᠠᠬᠤ ᠲᠠᠲᠠᠭᠠᠯ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠵᠦ ᠪᠣᠯᠤᠨ᠎ᠠ᠃        ᠭᠤᠴᠢᠨ ᠭᠤᠷᠪᠠᠳᠤᠭᠠᠷ ᠵᠦᠢᠯ    ᠶᠠᠮᠠᠷᠪᠠ ᠨᠢᠭᠡᠴᠢ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄        ︵ᠨᠢᠭᠡ︶ ᠡᠰᠢ ᠰᠦᠷᠡᠯ ᠢ ᠢᠯᠡ ᠪᠠᠷ ᠰᠢᠲᠠᠭᠠᠬᠤ        ︵ᠬᠤᠶᠠᠷ︶ ᠠᠶᠢᠯ ᠲᠣᠰᠬᠤᠨ ᠤ ᠵᠠᠮ ᠤᠨ ᠬᠤᠶᠠᠷ ᠲᠠᠯ᠎ᠠ ᠳᠤ ᠡᠰᠢ ᠰᠦᠷᠡᠯ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠣᠪᠣᠭᠠᠯᠠᠵᠤ ᠲᠠᠯᠪᠢᠬᠤ        ︵ᠭᠤᠷᠪᠠ︶ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠬᠤ᠂ ᠪᠤᠯᠠᠬᠤ᠂ ᠰᠢᠲᠠᠭᠠᠬᠤ        ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ        ᠳᠣᠯᠣᠳᠤᠭᠠᠷ ᠪᠦᠯᠦᠭ    ᠲᠣᠰᠬᠤᠨ ᠤ ᠳᠦᠷᠰᠦ ᠪᠠᠶᠢᠳᠠᠯ ᠤᠨ ᠵᠠᠰᠠᠯᠲᠠ        ᠭᠤᠴᠢᠨ ᠳᠥᠷᠪᠡᠳᠦᠭᠡᠷ ᠵᠦᠢᠯ    ᠭᠠᠴᠠᠭ᠎ᠠ ᠲᠣᠰᠬᠤᠨ ᠴᠡᠪᠡᠷ ᠲᠡᠭᠰᠢ ᠪᠠᠶᠢᠬᠤ ᠬᠡᠷᠡᠭᠲᠡᠢ᠃ ᠵᠠᠮ ᠢ ᠰᠠᠶᠢᠲᠤᠷ ᠵᠠᠰᠠᠨ ᠬᠠᠮᠠᠭᠠᠯᠠᠵᠤ᠂ ᠵᠠᠮ ᠤᠨ ᠭᠠᠳᠠᠷᠭᠤ ᠲᠡᠭᠰᠢ ᠳᠠᠷᠳᠠᠩ ᠪᠠᠶᠢᠬᠤ ᠶᠢ ᠪᠠᠲᠤᠯᠠᠬᠤ ᠬᠡᠷᠡᠭᠲᠡᠶ᠃ ᠭᠡᠷ ᠪᠠᠷᠢᠯᠭ᠎ᠠ ᠶᠢᠨ ᠬᠡᠷᠡᠮ᠂ ᠳᠡᠭᠡᠪᠦᠷ ᠨᠢ ᠪᠦᠷᠢᠨ ᠪᠦᠲᠦᠨ᠂ ᠬᠡᠷᠡᠮ ᠬᠠᠨ᠎ᠠ ᠨᠢ ᠠᠷᠢᠭᠤᠨ ᠴᠡᠪᠡᠷ ᠪᠠᠶᠢᠬᠤ ᠬᠡᠷᠡᠭᠲᠡᠢ᠃ ᠭᠡᠷ ᠤᠨ ᠭᠠᠳᠠᠨᠠᠬᠢ ᠵᠠᠷ ᠮᠡᠳᠡᠭᠡ᠂ ᠬᠤᠳᠠᠯᠳᠤᠭᠠᠨ ᠤ ᠫᠠᠶᠢᠰᠠ᠂ ᠲᠡᠮᠳᠡᠭ ᠫᠠᠶᠢᠰᠠ ᠢ ᠠᠮᠤᠷ ᠲᠦᠪᠰᠢᠨ ᠪᠠᠲᠤ ᠪᠠᠬᠢ ᠪᠠᠶᠢᠯᠭᠠᠨ᠂ ᠵᠢᠷᠤᠭ ᠪᠢᠴᠢᠭ ᠨᠢ ᠲᠣᠳᠣᠷᠬᠠᠶ᠂ ᠪᠦᠷᠢᠨ ᠪᠦᠲᠦᠨ ᠪᠠᠶᠢᠬᠤ ᠬᠡᠷᠡᠭᠲᠡᠶ᠃        ᠭᠤᠴᠢᠨ ᠲᠠᠪᠤᠳᠤᠭᠠᠷ ᠵᠦᠢᠯ    ᠴᠤᠭᠯᠠᠭ᠎ᠠ ᠮᠠᠶᠢᠮᠠᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠢᠵᠢ ᠪᠦᠷᠢᠳᠦᠬᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠲᠠᠯᠠᠪᠤᠷ ᠵᠢᠴᠢ ᠡᠷᠬᠢᠨ ᠲᠣᠭᠤᠷᠢᠨ ᠤ ᠣᠷᠴᠢᠨ ᠠᠬᠤᠢ ᠶᠢᠨ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃        ᠭᠤᠴᠢᠨ ᠵᠢᠷᠭᠤᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠭᠤᠤᠯ ᠵᠠᠮ ᠤᠨ ᠬᠤᠶᠠᠷ ᠬᠠᠵᠠᠭᠤ ᠶᠢᠨ ᠬᠤᠭᠤᠯᠠ ᠤᠮᠳᠠᠭᠠᠨ ᠬᠤᠨᠤᠭ ᠪᠠᠭᠤᠳᠠᠯ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠲᠠᠯᠠᠪᠤᠷ ᠤᠨ ᠭᠠᠳᠠᠨᠠᠬᠢ ᠡᠳ᠋ ᠪᠣᠳᠠᠰ ᠢ ᠵᠢᠭᠳᠡ ᠡᠮᠬᠢ ᠵᠢᠷᠤᠮ ᠲᠠᠢ ᠲᠠᠯᠪᠢᠵᠤ᠂ ᠠᠶᠢᠯ ᠲᠤᠰᠬᠤᠨ ᠤ ᠴᠡᠪᠡᠷ ᠲᠡᠭᠰᠢ ᠪᠠᠶᠢᠳᠠᠯ ᠪᠠ ᠵᠠᠮ ᠤᠨ ᠰᠠᠭᠠᠳ ᠥᠬᠡᠶ ᠨᠡᠪᠲᠡᠷᠡᠬᠦ ᠶᠢ ᠨᠥᠯᠥᠭᠡᠯᠡᠵᠦ ᠪᠣᠯᠬᠤ ᠥᠬᠡᠶ᠃        ᠭᠤᠴᠢᠨ ᠳᠣᠯᠣᠳᠤᠭᠠᠷ ᠵᠦᠢᠯ    ᠲᠠᠷᠢᠶᠠᠯᠠᠬᠤ ᠮᠠᠯᠵᠢᠬᠤ ᠣᠷᠣᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠦᠬᠦᠭᠡᠷᠦᠮᠵᠢ ᠶᠢᠨ ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠶ᠃ ᠨᠥᠬᠦᠴᠡᠯ ᠲᠠᠢ ᠠᠶᠢᠯ ᠲᠣᠰᠬᠤᠨ ᠨᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠠᠮᠢᠳᠤᠷᠠᠯ ᠤᠨ ᠲᠣᠭᠤᠷᠢᠭ ᠠᠴᠠ ᠰᠠᠯᠭᠠᠨ ᠪᠠᠶᠢᠷᠢᠯᠠᠭᠤᠯᠪᠠᠯ ᠵᠤᠬᠢᠨ᠎ᠠ᠃ ᠭᠤᠣᠯ ᠤᠨ ᠤᠷᠤᠰᠬᠠᠯ ᠤᠨ ᠬᠠᠮᠢᠶᠠᠷᠤᠯᠲᠠ ᠶᠢᠨ ᠬᠡᠪᠴᠢᠶ᠎ᠡ᠂ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠣᠷᠣᠨ᠂ ᠬᠥᠳᠡᠭᠡ ᠲᠣᠰᠬᠤᠨ᠂ ᠠᠶᠢᠯ ᠠᠶᠢᠮᠠᠭ ᠤᠨ ᠳᠤᠮᠳᠠᠬᠢ ᠵᠠᠮ ᠤᠨ ᠬᠤᠶᠠᠷ ᠬᠠᠵᠠᠭᠤ ᠳᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠫᠧᠩ ᠰᠠᠷᠠᠪᠴᠢ ᠪᠠᠷᠢᠬᠤ ᠪᠤᠶᠤ ᠮᠠᠯ ᠵᠢᠭᠦᠷᠲᠡᠨ ᠢ ᠰᠤᠯᠠ ᠲᠡᠵᠢᠭᠡᠵᠦ ᠪᠣᠯᠬᠤ ᠥᠭᠡᠢ᠃ ᠠᠶᠢᠯ ᠲᠣᠰᠬᠤᠨ ᠤ ᠵᠠᠮ ᠢᠶᠠᠷ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠢᠯᠭᠠᠳᠠᠰᠤ ᠶᠢ ᠲᠡᠭᠡᠭᠡᠪᠦᠷᠢᠯᠡᠬᠦ ᠳᠡᠭᠡᠨ ᠰᠠᠶᠢᠲᠤᠷ ᠠᠷᠭ᠎ᠠ ᠬᠡᠮᠵᠢᠶ᠎ᠡ ᠠᠪᠴᠤ ᠠᠰᠬᠠᠵᠤ ᠭᠤᠭᠤᠵᠢᠬᠤ ᠶᠢ ᠰᠡᠷᠭᠡᠶᠢᠯᠡᠬᠦ ᠬᠡᠷᠡᠭᠲᠠᠢ᠃ ᠬᠡᠷᠪᠡ ᠠᠰᠬᠠᠵᠤ ᠭᠤᠭᠤᠵᠢᠭᠰᠠᠨ ᠪᠠᠶᠢᠪᠠᠯ ᠳᠠᠷᠦ᠋ᠢᠬᠠᠨ ᠴᠡᠪᠡᠷᠯᠡᠵᠦ ᠠᠷᠢᠯᠭᠠᠬᠤ ᠬᠡᠷᠡᠭᠲᠡᠶ᠃        ᠭᠤᠴᠢᠨ ᠨᠠᠢᠮᠠᠳᠣᠭᠠᠷ ᠵᠦᠢᠯ    ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠶᠢᠯ ᠲᠣᠰᠬᠤᠨ ᠤ ᠮᠣᠳᠣ ᠲᠠᠷᠢᠵᠤ ᠨᠣᠭᠤᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠯ ᠲᠣᠰᠬᠤᠨ ᠤ ᠣᠷᠴᠢᠨ ᠲᠣᠭᠤᠷᠢᠨ ᠢ ᠭᠤᠶᠤᠵᠢᠭᠤᠯᠬᠤ ᠬᠡᠷᠡᠭᠲᠡᠢ᠃        ᠭᠤᠴᠢ ᠶᠢᠰᠦᠳᠦᠭᠡᠷ ᠵᠦᠢᠯ    ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠭᠤᠶᠤ ᠰᠠᠶᠢᠬᠠᠨ ᠬᠦᠷᠢᠶ᠎ᠡ ᠬᠠᠰᠢᠶ᠎ᠠ ᠵᠡᠷᠭᠡ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠪᠠ ᠵᠣᠷᠢᠭᠵᠢᠭᠤᠯᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠦᠵᠡᠰᠬᠦᠯᠡᠩᠲᠦ ᠰᠠᠶᠢᠬᠠᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠪᠠᠰᠤᠨ ᠨᠤᠲᠤᠭ ᠤᠨ ᠰᠤᠷᠲᠠᠯ ᠢ ᠪᠦᠷᠢᠯᠳᠦᠭᠦᠯᠬᠦ ᠬᠡᠷᠡᠭᠲᠠᠢ᠃        ᠨᠠᠢᠮᠠᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ        ᠳᠥᠴᠢᠳᠦᠭᠡᠷ ᠵᠦᠢᠯ    ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠵᠢᠭᠠᠨ ᠲᠣᠭᠲᠠᠭᠠᠭᠰᠠᠨ ᠭᠠᠵᠠᠷ ᠲᠤ ᠲᠥᠷᠥᠯ ᠬᠤᠪᠢᠶᠠᠨ ᠬᠤᠭ ᠨᠣᠪᠰᠢ ᠬᠠᠶᠠᠭᠰᠠᠨ ᠦᠭᠡᠶ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠤᠯᠤᠭᠰᠠᠨ ᠪᠠᠶᠢᠭᠤᠯᠭ᠎ᠠ ᠨᠢᠭᠡᠴᠢ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 20 ᠲᠥᠭᠦᠷᠢᠭ ᠠᠴᠠ ᠳᠡᠭᠡᠭᠰᠢ 100 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠨᠢᠭᠡᠳᠦᠭᠡᠷ ᠵᠦᠢᠯ    ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ᠂ ᠠᠰᠬᠠᠭᠰᠠᠨ᠂ ᠴᠢᠳᠬᠤᠭᠰᠠᠨ᠂ ᠪᠤᠯᠠᠭᠰᠠᠨ ᠪᠤᠶᠤ ᠰᠢᠲᠠᠭᠠᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ ᠬᠤᠪᠢ ᠬᠥᠮᠦᠨ ᠢ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠬᠤᠶᠠᠳᠤᠭᠠᠷ ᠵᠦᠢᠯ    ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠬᠠᠶᠠᠭᠰᠠᠨ᠂ ᠰᠠᠴᠤᠭᠰᠠᠨ ᠂ ᠭᠡᠭᠡᠵᠦ ᠣᠷᠬᠢᠭᠳᠠᠭᠤᠯᠤᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠶᠢ ᠪᠣᠯ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ ᠬᠤᠪᠢ ᠬᠥᠮᠦᠨ ᠢ ᠪᠣᠯ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠭᠤᠷᠪᠠᠳᠤᠭᠠᠷ ᠵᠦᠢᠯ    ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠴᠤᠭᠯᠠᠭᠤᠯᠬᠤ᠂ ᠲᠡᠭᠡᠭᠡᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ ᠡᠪᠳᠡᠬᠦ ᠪᠤᠶᠤ ᠡᠵᠡᠯᠡᠭᠰᠡᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠪᠣᠯ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠡᠷᠪᠡ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠠᠪᠤᠨ᠎ᠠ᠃        ᠲᠣᠰ ᠲᠦᠷᠢᠮ ᠤᠨ ᠬᠤᠷᠢᠨ ᠨᠢᠭᠡᠳᠦᠭᠡᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ ᠪᠠ ᠲᠠᠯᠠᠪᠤᠷ ᠢ ᠳᠤᠷ᠎ᠠ ᠪᠠᠷ ᠢᠶᠠᠨ ᠬᠠᠭᠠᠭᠰᠠᠨ᠂ ᠰᠤᠯᠠ ᠣᠷᠬᠢᠭᠰᠠᠨ᠂ ᠨᠤᠷᠠᠭᠠᠭᠰᠠᠨ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 10 ᠲᠦᠮᠡᠨ ᠲᠥᠭᠦᠷᠢᠭ ᠠᠴᠠ ᠳᠡᠭᠡᠭᠰᠢ 100 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠳᠥᠷᠪᠡᠳᠦᠭᠡᠷ ᠵᠦᠢᠯ    ᠲᠣᠰ ᠳᠦᠷᠢᠮ ᠤᠨ ᠬᠤᠷᠢᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠲᠣᠣᠷ᠂ ᠰᠢᠢᠳᠪᠦᠷᠢᠯᠡᠬᠦ ᠲᠦᠬᠦᠭᠡᠷᠦᠮᠵᠢ ᠶᠢ ᠡᠪᠳᠡᠭᠰᠡᠨ ᠪᠤᠶᠤ ᠲᠡᠭᠦᠨ ᠳᠤ ᠬᠤᠭ ᠨᠣᠪᠰᠢ᠂ ᠰᠢᠭᠠᠷᠤ ᠰᠢᠷᠣᠢ᠂ ᠪᠠᠷᠢᠯᠭ᠎ᠠ ᠶᠢᠨ ᠰᠢᠪᠠᠷ ᠵᠡᠷᠭᠡ ᠬᠠᠶᠠᠭᠳᠠᠮᠠᠯ ᠢ ᠴᠢᠳᠬᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠰᠡᠷᠡᠮᠵᠢᠯᠡᠭᠦᠯᠦᠨ᠎ᠡ᠃ ᠬᠡᠷᠪᠡ ᠬᠤᠭᠤᠴᠠᠭ᠎ᠠ ᠥᠩᠭᠡᠷᠡᠲᠡᠯ᠎ᠡ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠶ ᠪᠤᠶᠤ ᠬᠦᠨᠳᠦ ᠨᠣᠴᠢᠲᠠᠶ ᠦᠷ᠎ᠡ ᠳᠠᠭᠠᠪᠤᠷᠢ ᠭᠠᠷᠭᠠᠭᠰᠠᠨ ᠪᠣᠯ ᠪᠠᠶᠢᠭᠤᠯᠭ᠎ᠠ ᠨᠢᠭᠡᠴᠢ ᠶᠢ 10 ᠲᠦᠮᠡᠨ ᠲᠥᠭᠦᠷᠢᠭ ᠠᠴᠠ ᠳᠡᠭᠡᠭᠰᠢ 30 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ ᠬᠤᠪᠢ ᠬᠥᠮᠦᠨ ᠢ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠠᠪᠤᠨ᠎ᠠ᠃        ᠳᠥᠴᠢᠨ ᠲᠠᠪᠤᠳᠤᠭᠠᠷ ᠵᠦᠢᠯ    ᠲᠣᠰ ᠳᠦᠷᠢᠮ ᠤᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠲᠠᠷᠢᠶᠠᠯᠠᠩ ᠮᠠᠯ ᠠᠵᠤ ᠠᠬᠤᠢ ᠳᠤ ᠣᠷᠣᠭᠤᠯᠬᠤ ᠡᠳ᠋ ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠬᠡᠷᠡᠭᠯᠡᠭᠴᠢ ᠲᠣᠭᠲᠠᠭᠠᠯ ᠶᠣᠰᠣᠭᠠᠷ ᠪᠣᠷᠳᠣᠭᠤᠷ ᠵᠡᠷᠭᠡ ᠲᠠᠷᠢᠶᠠᠯᠠᠩ ᠮᠠᠯ ᠠᠵᠤ ᠠᠬᠤᠢ ᠲᠤ ᠣᠷᠣᠭᠤᠯᠬᠤ ᠡᠳ᠋ ᠤᠨ ᠪᠤᠭᠤᠳᠠᠯ ᠪᠠᠭᠯᠠᠭ᠎ᠠ ᠤᠭᠤᠲᠠ ᠵᠡᠷᠭᠡ ᠪᠤᠶᠤ ᠲᠠᠷᠢᠶᠠᠯᠠᠩ ᠳᠤ ᠬᠡᠷᠡᠭᠯᠡᠭᠰᠡᠨ ᠨᠢᠮᠭᠡᠨ ᠰᠦᠯᠢᠶᠣᠣ ᠪᠦᠷᠬᠦᠪᠴᠢ᠂ ᠤᠰᠤᠯᠠᠯᠲᠠ ᠶᠢᠨ ᠬᠤᠭᠤᠯᠠᠢ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ ᠶᠢ ᠴᠠᠭ ᠲᠤᠬᠠᠢ ᠳᠤᠨᠢ ᠬᠤᠷᠢᠶᠠᠨ ᠠᠪᠤᠭᠰᠠᠨ ᠦᠭᠡᠢ᠂ ᠡᠰᠡᠬᠦᠯ᠎ᠡ ᠲᠣᠭᠲᠠᠭᠠᠯ ᠶᠣᠰᠣᠭᠠᠷ ᠲᠠᠷᠢᠶᠠᠨ ᠡᠮ ᠤᠨ ᠯᠣᠩᠬᠤ ᠰᠠᠪᠠ ᠮᠡᠲᠦ ᠶᠢᠨ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠬᠤᠷᠢᠶᠠᠨ ᠠᠪᠴᠤ ᠲᠤᠰᠬᠠᠢ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠳᠤ ᠲᠤᠰᠢᠶᠠᠨ ᠬᠤᠣᠷ ᠦᠭᠡᠢᠳᠡᠭᠦᠯᠦᠨ ᠰᠢᠢᠳᠪᠦᠷᠢᠯᠡᠭᠰᠡᠨ ᠦᠭᠡᠢ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠠᠷᠢᠶᠠᠯᠠᠩ ᠮᠠᠯ ᠠᠵᠤ ᠠᠬᠤᠶ ᠳᠤ ᠣᠷᠣᠭᠤᠯᠬᠤ ᠡᠳ᠋ ᠤᠨ ᠬᠡᠷᠡᠭᠯᠡᠭᠴᠢ ᠨᠢ ᠬᠤᠪᠢ ᠬᠥᠮᠦᠨ ᠪᠠᠶᠢᠪᠠᠯ᠂ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠵᠢᠷᠭᠤᠳᠤᠭᠠᠷ ᠵᠦᠢᠯ    ᠲᠤᠰ ᠳᠦᠷᠢᠮ ᠤᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠪᠤᠶᠤ ᠬᠠᠤᠯᠢ ᠶᠣᠰᠣᠭᠠᠷ ᠣᠨᠴᠠᠭᠠᠢ ᠬᠠᠮᠠᠭᠠᠯᠠᠬᠤ ᠴᠢᠬᠤᠯᠠ ᠲᠠᠢ ᠪᠤᠰᠤᠳ ᠣᠷᠣᠨ ᠤ ᠳᠣᠲᠣᠷ᠎ᠠ ᠡᠰᠢ ᠰᠦᠷᠡᠯ ᠢ ᠵᠠᠳᠠᠭᠠᠶ ᠰᠢᠲᠠᠭᠠᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠳᠣᠯᠣᠳᠤᠭᠠᠷ ᠵᠦᠢᠯ    ᠲᠣᠰ ᠳᠦᠷᠢᠮ ᠤᠨ ᠭᠤᠴᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠵᠤ᠂ ᠪᠤᠯᠠᠵᠤ᠂ ᠰᠢᠲᠠᠭᠠᠭᠰᠠᠨ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠬᠡᠷᠡᠭᠯᠡᠭᠰᠡᠨ ᠵᠠᠷᠤᠳᠠᠯ ᠮᠦᠩᠭᠦ ᠶᠢ ᠬᠠᠤᠯᠢ ᠵᠦᠷᠢᠴᠡᠭᠰᠡᠳ ᠢᠶᠠᠷ ᠡᠭᠦᠷᠭᠡᠯᠡᠭᠦᠯᠦᠨ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃        ᠳᠥᠴᠢᠨ ᠨᠠᠢᠮᠠᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠵᠶᠠᠨ ᠣᠮᠲᠣᠭᠠᠶᠢᠯᠠᠨ ᠬᠠᠷᠢᠭᠤᠴᠠᠯᠭ᠎ᠠ ᠠᠯᠳᠠᠵᠤ᠂ ᠬᠤᠪᠢ ᠶᠢᠨ ᠲᠥᠯᠥᠭᠡ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃ ᠶᠠᠯᠠᠲᠤ ᠬᠡᠷᠡᠭ ᠪᠣᠯᠣᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠶᠢᠰᠦᠳᠦᠭᠡᠷ ᠪᠦᠯᠦᠭ    ᠳᠠᠭᠠᠯᠳᠤᠭᠤᠯᠤᠭᠰᠠᠨ ᠳᠦᠷᠢᠮ        ᠳᠥᠴᠢ ᠶᠢᠰᠦᠳᠦᠭᠡᠷ ᠵᠦᠢᠯ    ᠲᠣᠰ ᠲᠦᠷᠢᠮ ᠢ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号