ᠮᠠᠨ ᠤ ᠣᠷᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠳᠤ ᠰᠢᠯᠢᠨ ᠰᠣᠩᠭᠤᠬᠤ ᠲᠣᠭᠲᠠᠭᠠᠯ ᠲᠣᠭᠲᠠᠭᠠᠪᠠ
ᠨᠡᠶᠢᠲᠡᠯᠡᠭᠰᠡᠨ ᠴᠠᠭ᠄
2021/5/13
       5 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠳᠤ ᠰᠢᠯᠢᠨ ᠰᠣᠩᠭᠤᠬᠤ ᠠᠵᠢᠯ ᠤᠨ ᠲᠥᠰᠦᠯ︾ ᠢ ᠲᠣᠭᠲᠠᠭᠠᠵᠠᠢ᠂ ᠶᠡᠭᠡ ᠳᠡᠭᠡᠳᠦ ᠰᠤᠷᠭᠠᠭᠤᠯᠢ ᠨᠤᠭᠤᠳ ᠬᠤᠭᠤᠷᠣᠨᠳᠣ ᠪᠠᠨ ᠵᠥᠪᠯᠡᠯᠴᠡᠭᠡᠷ ᠲᠣᠭᠲᠠᠬᠤ ᠠᠷᠭ᠎ᠠ ᠮᠠᠶ᠋ᠢᠭ ᠢ ᠮᠠᠨ ᠤ ᠣᠷᠣᠨ ᠡᠨᠡ ᠵᠢᠯ ᠦᠷᠭᠦᠯᠵᠢᠯᠡᠨ ᠬᠡᠷᠡᠭᠯᠡᠵᠦ ᠂ 2021 ᠣᠨ ᠤ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠤᠷᠭᠠᠨ ᠬᠥᠮᠦᠵᠢᠯ ᠤᠨ ᠠᠵᠢᠯ ᠢ ᠡᠷᠬᠢᠯᠡᠬᠦ ᠡᠯ᠎ᠡ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ ᠤᠨ ᠠᠩᠭᠢ︶ ᠤᠨ ᠰᠤᠷᠤᠭᠴᠢᠳ ᠢ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠭᠦᠯᠬᠦ ᠳᠤ ᠰᠢᠯᠢᠨ ᠰᠣᠩᠭᠤᠨ ᠣᠷᠣᠯᠴᠠᠭᠤᠯᠬᠤ ᠪᠠᠷ ᠪᠠᠲᠤᠯᠠᠨ ᠲᠠᠨᠢᠯᠴᠠᠭᠤᠯᠤᠭᠰᠠᠨ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠵᠥᠪᠳᠡᠯᠴᠡᠨ ᠥᠷᠨᠢᠭᠦᠯᠦᠨ᠎ᠡ᠂ ᠨᠢᠭᠡ ᠰᠤᠷᠤᠭᠴᠢ ᠬᠤᠶᠠᠷ ᠪᠤᠶᠤ ᠬᠤᠶᠠᠷ ᠠᠴᠠ ᠳᠡᠭᠡᠭᠰᠢᠬᠢ ᠰᠢᠯᠭᠠᠷᠠᠭᠤᠯᠤᠯᠲᠠ ᠳᠤ ᠣᠷᠤᠯᠴᠠᠵᠤ ᠪᠣᠯᠬᠤ ᠦᠭᠡᠢ᠃        ᠡᠨᠡ ᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠷᠠᠭᠤᠯᠤᠯᠲᠠ ᠶᠢᠨ ᠬᠡᠪᠴᠢᠶ᠎ᠡ ᠨᠢ ᠳᠣᠤᠷᠠᠬᠢ ᠮᠡᠲᠦ᠄ ᠮᠠᠨ ᠤ ᠣᠷᠣᠨ ᠤ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶ᠎ᠠ ᠲᠠᠢ 2021 ᠣᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠠᠴᠠ ᠲᠡᠭᠦᠰᠦᠭᠰᠡᠨ ᠰᠤᠷᠤᠭᠴᠢᠳ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠳᠠᠭ᠂ ᠪᠡᠶ᠎ᠡ ᠮᠠᠬᠠᠪᠣᠳ ᠤᠨ ᠪᠠᠶᠢᠳᠠᠯ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ᠂ ᠦᠵᠡᠯ ᠰᠠᠨᠠᠭ᠎ᠠ ᠤᠯᠤᠰ ᠲᠥᠷᠥ ᠶᠣᠰᠣ ᠮᠣᠷᠠᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ᠂ 2021 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠤᠰᠬᠠᠶ ᠮᠡᠷᠭᠡᠵᠢᠯ ᠲᠡᠭᠦᠰᠦᠭᠰᠡᠨ ᠦᠨᠡᠮᠯᠡᠯ ᠣᠯᠤᠭᠰᠠᠨ ᠪᠥᠭᠡᠳ ᠳᠣᠤᠷᠠᠬᠢ ᠳᠥᠷᠪᠡᠨ ᠨᠥᠬᠦᠴᠡᠯ ᠤᠨ ᠨᠢᠭᠡ ᠳᠤ ᠨᠡᠶᠢᠴᠡᠭᠰᠡᠨ ᠪᠠᠶᠢᠬᠤ ᠬᠡᠷᠡᠭᠲᠡᠢ᠄ 1. ᠲᠠᠨᠢᠯᠴᠠᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠵᠢᠭᠰᠠᠭᠠᠯᠲᠠ ᠨᠢ ᠲᠦᠷᠦᠭᠦᠦ 50% ᠳᠤ ᠪᠠᠶᠢᠬᠤ︔ 2. ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ ᠲᠡᠭᠦᠰᠬᠦ ᠰᠤᠷᠤᠭᠴᠢ︔ 3. ᠰᠤᠷᠤᠯᠴᠠᠵᠤ ᠪᠠᠶᠢᠭ᠎ᠠ ᠬᠤᠭᠤᠴᠠᠭᠠᠨ ᠳᠤ ᠪᠠᠨ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠬᠠᠯᠠᠭᠳᠠᠭᠰᠠᠨ ᠲᠡᠭᠦᠰᠬᠦ ᠰᠤᠷᠤᠭᠴᠢ︔ 4. ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ᠂ ᠳᠤᠮᠳᠠᠳᠤ ᠤᠯᠤᠰ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠵᠢᠴᠢ ᠪᠦᠬᠦ ᠤᠯᠤᠰ ᠤᠨ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠵᠡᠷᠭᠡ ᠨᠢᠭᠡᠳᠦᠭᠡᠷ ᠲᠥᠷᠥᠯ ᠤᠨ ᠤᠷᠤᠯᠳᠤᠭᠠᠨ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠰᠤᠷᠤᠭᠴᠢ︔ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠳᠤ ᠤᠯᠤᠰ ᠤᠨ ᠲᠠᠰ ᠤᠨ ᠠᠯᠲᠠᠨ ᠮᠧᠲᠠᠯ᠂ ᠮᠥᠩᠭᠦᠨ ᠮᠧᠲᠠᠯ᠂ ᠭᠠᠤᠯᠢᠨ ᠮᠧᠲᠠᠯ ᠭᠥᠷᠳᠡᠭᠰᠡᠨ ᠰᠤᠷᠤᠭᠴᠢ᠃        ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ᠂ ᠰᠣᠷᠣᠭᠴᠢ ᠡᠯᠰᠡᠬᠦ ᠲᠥᠯᠥᠪᠯᠡᠭᠡ ᠶᠢ ᠪᠠᠭᠤᠯᠭᠠᠬᠤ᠂ ᠨᠡᠷ᠎ᠡ ᠮᠡᠳᠡᠭᠦᠯᠬᠦ᠂ ᠲᠣᠰ ᠰᠤᠷᠭᠠᠭᠤᠯᠢ ᠪᠤᠶᠤ ᠰᠤᠷᠭᠠᠭᠤᠯᠢ ᠠᠯᠤᠰᠯᠠᠨ ᠰᠢᠯᠭᠠᠷᠠᠭᠤᠯᠬᠤ ᠵᠥᠪᠯᠡᠯᠴᠡᠭᠡᠷ ᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠪᠠ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠶ᠃ 6 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ᠂ ᠭᠥᠯᠢᠶᠡᠨ ᠠᠪᠬᠤ ᠶᠡᠭᠡ ᠳᠡᠭᠡᠳᠦ ᠰᠤᠷᠭᠠᠭᠤᠯᠢ ᠨᠢ ᠢᠯᠡ ᠨᠡᠶᠢᠲᠡᠯᠡᠭᠡᠳ ᠣᠨᠳᠣᠤ ᠰᠠᠨᠠᠯ ᠥᠬᠡᠶ ᠮᠥᠷᠲᠡᠭᠡᠨ ᠲᠠᠨᠢᠯᠴᠠᠭᠤᠯᠤᠭᠰᠠᠨ ᠶᠡᠭᠡ ᠳᠡᠭᠡᠳᠦ ᠰᠤᠷᠭᠠᠭᠤᠯᠢ ᠨᠢ ᠲᠡᠭᠦᠰᠦᠭᠰᠡᠨ ᠬᠢᠷᠢ ᠬᠡᠮ ᠢ ᠨᠢ ᠨᠢᠭᠡᠨᠲᠡ ᠨᠣᠲᠠᠯᠠᠵᠤ ᠡᠯᠰᠡᠬᠦ ᠪᠠᠷ ᠪᠣᠯᠤᠭᠰᠠᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠮᠡᠳᠡᠭᠦᠯᠵᠦ ᠬᠢᠨᠠᠨ ᠬᠠᠷᠭᠤᠭᠤᠯᠤᠨ᠎ᠠ᠃ 6 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠬᠢᠨᠠᠨ ᠬᠠᠷᠭᠤᠭᠤᠯᠤᠭᠰᠠᠨ ᠰᠠᠨᠠᠯ ᠬᠢᠭᠡᠳ ᠨᠡᠷᠡᠰ ᠢ ᠭᠥᠯᠢᠶᠡᠨ ᠠᠪᠬᠤ ᠡᠯ᠎ᠡ ᠶᠡᠭᠡ ᠳᠡᠭᠡᠳᠦ ᠰᠤᠷᠭᠠᠭᠤᠯᠢ ᠳᠤ ᠬᠠᠷᠢᠭᠤ ᠲᠤᠰᠬᠠᠵᠤ ᠪᠠᠲᠤᠯᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠪᠦᠷᠢᠳᠬᠡᠭᠦᠯᠦᠨ ᠬᠦᠷᠭᠡᠨ᠎ᠡ᠃ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠭᠥᠯᠢᠶᠡᠨ ᠠᠪᠬᠤ ᠶᠡᠭᠡ ᠳᠡᠭᠡᠳᠦ ᠰᠤᠷᠭᠠᠭᠤᠯᠢ ᠨᠢ ᠨᠤᠲᠠᠯᠠᠭᠰᠠᠨ ᠤ ᠳᠠᠷᠠᠭᠠᠬᠢ ᠡᠯᠰᠡᠬᠦ ᠪᠠᠷ ᠪᠣᠯᠤᠭᠰᠠᠨ ᠨᠡᠷᠡᠰ ᠢ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ ᠲᠤ ᠮᠡᠳᠡᠭᠦᠯᠦᠨ ᠳᠠᠩᠰᠠᠯᠠᠭᠤᠯᠤᠨ᠎ᠠ᠃ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠠᠩᠰᠠᠯᠠᠭᠰᠠᠨ ᠦᠷ᠎ᠡ ᠳ᠋ᠦᠩ ᠢ ᠠᠯᠪᠠᠨ ᠶᠣᠰᠤᠭᠠᠷ ᠨᠡᠶᠢᠲᠡᠯᠡᠵᠦ᠂ ᠡᠯ᠎ᠡ ᠳᠡᠭᠡᠳᠦ ᠰᠤᠷᠭᠠᠭᠤᠯᠢ ᠨᠤᠭᠤᠳ ᠰᠤᠷᠤᠭᠴᠢᠳ ᠲᠤ ᠰᠤᠷᠤᠭᠴᠢ ᠡᠯᠰᠡᠬᠦ ᠮᠡᠳᠡᠭᠳᠡᠯ ᠤᠨ ᠪᠢᠴᠢᠭ ᠣᠯᠭᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号