ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ ᠤᠨ ᠮᠣᠩᠭᠤᠯ ᠬᠡᠯᠡᠨ ᠤ ᠸᠢᠴᠠᠲ ᠲᠠᠪᠴᠠᠩ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/5/7
       ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ ᠤᠨ ᠮᠣᠩᠭᠤᠯ ᠬᠡᠯᠡᠨ ᠤ ᠸᠢᠴᠠᠲ ᠲᠠᠪᠴᠠᠩ 2021 ᠣᠨ ᠤ 4 ᠰᠠᠷ᠎ᠠ ᠶᠢᠨ 25 ᠳᠤ ᠡᠷᠦᠬᠡ ᠪᠠᠨ ᠰᠡᠬᠦᠵᠦ ᠡᠭᠦᠳᠡ ᠪᠠᠨ ᠨᠡᠭᠡᠭᠡᠨ ᠮᠣᠩᠭᠤᠯ ᠲᠥᠮᠡᠨ ᠲᠠᠢ ᠪᠠᠨ ᠮᠡᠨᠳᠦᠴᠢᠯᠡᠨ ᠵᠣᠯᠭᠠᠪᠠ᠃ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ ᠤᠨ ᠮᠣᠩᠭᠤᠯ ᠬᠡᠯᠡᠨ ᠤ ᠸᠢᠴᠠᠲ ᠲᠠᠪᠴᠠᠩ ᠨᠢ ᠮᠤᠩᠭᠤᠯ ᠲᠥᠮᠡᠨ ᠳᠤ ᠪᠠᠨ ᠵᠠᠰᠠᠭ ᠲᠥᠷᠦ ᠶᠢᠨ ᠴᠢᠬᠤᠯᠠ ᠮᠡᠳᠡᠭᠡ᠂ ᠴᠠᠭ ᠡᠷᠡᠨ ᠤ ᠬᠠᠯᠠᠮᠰᠢᠯ ᠠᠰᠠᠭᠤᠳᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠬᠠᠩᠭᠠᠬᠤ ᠪᠣᠯᠤᠨ᠎ᠠ᠃ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ ᠤᠨ ᠮᠣᠩᠭᠤᠯ ᠬᠡᠯᠡᠨ ᠤ ᠸᠢᠴᠠᠲ ᠲᠠᠪᠴᠠᠩ ᠨᠢ ᠮᠠᠨ ᠤ ᠲᠣᠭᠤᠷᠢᠭ ᠤᠨ ᠤᠬᠠᠭᠤᠯᠭ᠎ᠠ ᠶᠢᠨ ᠴᠣᠩᠬᠤ ᠶᠢᠨ ᠨᠢᠭᠡ ᠪᠣᠯᠬᠤ ᠮᠥᠷᠲᠡᠭᠡᠨ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠤ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠣᠶᠢᠯᠠᠭᠠᠬᠤ᠂ ᠬᠡᠷᠡᠭᠯᠡᠭᠡᠨ ᠤ ᠮᠡᠷᠭᠡᠵᠢᠯ ᠤᠨ ᠮᠡᠳᠡᠯᠭᠡ ᠰᠤᠷᠤᠯᠴᠠᠬᠤ᠂ ᠲᠤᠰ ᠪᠡᠶ᠎ᠡ ᠶᠢᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠬᠦ ᠳᠤ ᠲᠤᠰᠠᠯᠠᠮᠵᠢ ᠪᠣᠯᠵᠤ᠂ ᠦᠢᠯᠡᠳᠪᠦᠷᠢᠯᠡᠯ ᠠᠮᠢᠳᠤᠷᠠᠯ ᠤᠨ ᠳᠡᠭᠡᠭᠰᠢᠯᠡᠯᠲᠡ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠦᠷᠢ ᠲᠥᠷᠬᠦ ᠶᠢᠨ ᠳᠡᠭᠡᠭᠰᠢᠯᠡᠯᠲᠡ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃
       ᠥᠷᠭᠡᠨ ᠤᠯᠠᠨ ᠮᠤᠩᠭᠤᠯ ᠲᠥᠮᠡᠨ ᠮᠠᠨᠢ᠂ ᠮᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ ᠤᠨ ᠸᠢᠴᠠᠲ ᠲᠠᠪᠴᠠᠩ ᠳᠤ ᠬᠠᠨᠳᠤᠭᠠᠷᠠᠢ᠂ ᠲᠠᠨ ᠳᠤ ᠨᠡᠩ ᠳᠥᠭᠦᠮ ᠳᠦᠲᠡ ᠦᠢᠯᠡᠴᠢᠯᠡᠭᠡ ᠬᠦᠷᠭᠡᠬᠦ ᠪᠠᠷ ᠪᠢᠳᠡ ᠬᠦᠴᠦᠯᠡᠨ ᠵᠢᠳᠬᠦᠬᠦ ᠪᠤᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号