| | 7 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ | ᠲᠤᠰᠠᠯᠠᠭᠴᠢ ᠠᠵᠢᠯᠳᠠᠨ ᠤ ᠳᠦᠷᠢᠮ ︵ᠲᠥᠰᠦᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠵᠡᠷᠭᠡ ᠵᠦᠢᠯ ᠢ ᠰᠤᠳᠤᠯᠵᠤ᠂ | ᠦᠶᠡᠷ ᠢ ᠰᠡᠷᠭᠡᠶᠢᠯᠡᠬᠦ ᠪᠡᠯᠡᠳᠬᠡᠯ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ | ᠠᠷᠭ᠎ᠠ ᠠᠪᠴᠠᠯ ᠢ ᠲᠤᠬᠢᠷᠠᠭᠤᠯᠤᠨ ᠨᠠᠶᠢᠳᠠᠪᠤᠷᠢᠵᠢᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠳᠣᠬᠠᠨ ᠤ ᠦᠶᠡᠷ ᠢ | ᠰᠡᠷᠭᠡᠶᠢᠯᠡᠬᠦ ᠪᠡᠯᠡᠳᠬᠡᠯ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ | ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠡᠷᠡᠰ | ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ ᠭᠤᠣᠯ ᠪᠣᠯᠭᠠᠭᠰᠠᠨ ᠦᠶᠡᠷ ᠢ ᠰᠡᠷᠭᠡᠶᠢᠯᠡᠵᠦ ᠭᠠᠮᠰᠢᠭ ᠠᠴᠠ | ᠠᠪᠤᠷᠠᠬᠤ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠦᠨ᠎ᠡ ᠹᠷᠣᠨᠲ ᠤᠨ ᠦᠶᠡᠷ ᠢ | ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠠᠯᠳᠠ ᠭᠡᠮ ᠢ ᠦᠷᠭᠦᠯᠵᠢᠯᠡᠨ | ᠭᠦᠨᠵᠡᠭᠡᠶ ᠵᠢᠬᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠢᠬᠤᠯᠠ ᠪᠠᠷᠢᠯᠭ᠎ᠠ᠂ ᠠᠶᠤᠯᠳᠠᠢ ᠪᠠᠷᠢᠯᠭ᠎ᠠ ᠶᠢᠨ ᠬᠡᠰᠡᠭ᠂ | ᠠᠭᠤᠯᠠᠨ ᠦᠶᠡᠷ ᠭᠠᠵᠠᠷ ᠤᠨ ᠭᠠᠢ ᠭᠠᠮᠰᠢᠭ ᠤᠨ ᠠᠶᠤᠯ ᠲᠠᠢ ᠣᠷᠣᠨ ᠪᠣᠯᠤᠨ ᠳᠠᠯᠳᠠ ᠭᠡᠮ ᠤᠨ ᠴᠡᠭ᠂ ᠬᠤᠲᠠ | ᠪᠠᠯᠭᠠᠰᠤ ᠶᠢᠨ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ | ᠣᠷᠣᠨ ᠳᠤ ᠳᠠᠬᠢᠨ ᠵᠢᠬᠰᠠᠭᠠᠨ ᠪᠠᠶᠢᠴᠠᠭᠠᠵᠤ᠂ ᠳᠠᠬᠢᠨ ᠨᠠᠶᠢᠳᠠᠪᠤᠷᠢᠵᠢᠭᠤᠯᠵᠤ᠂ ᠳᠠᠬᠢᠨ ᠴᠡᠭᠴᠡᠯᠡᠨ ᠵᠠᠰᠠᠵᠦ᠂ | ᠲᠦᠭᠰᠢᠭᠦᠷᠢ ᠶᠢᠨ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠶ᠃ ᠴᠠᠭ ᠠᠭᠤᠷ᠂ ᠤᠰᠤᠨ ᠵᠦᠶ ᠶᠢᠨ ᠬᠢᠨᠠᠨ | ᠰᠢᠨᠵᠢᠵᠦ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ | ᠵᠥᠪᠳᠡᠯᠴᠡᠨ ᠰᠤᠳᠤᠯᠤᠨ ᠮᠠᠭᠠᠳᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠠᠶᠤᠯ ᠠᠴᠠ ᠠᠪᠤᠷᠠᠨ ᠲᠤᠰᠠᠯᠠᠬᠤ ᠳᠤ ᠴᠠᠭ ᠢ ᠲᠡᠮᠡᠴᠡᠨ ᠣᠯᠭᠤᠬᠤ | ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠠᠶᠤᠯ ᠠᠴᠠ ᠠᠪᠤᠷᠠᠨ ᠲᠤᠰᠠᠯᠠᠬᠤ ᠶᠢ ᠴᠢᠩᠭᠠᠳᠬᠠᠵᠤ | ᠂ ᠦᠶᠡᠷ ᠢ ᠰᠡᠷᠭᠡᠶᠢᠯᠡᠬᠦ ᠡᠯ᠎ᠡ ᠲᠥᠷᠥᠯ ᠤᠨ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ | ᠠᠶᠤᠯ ᠠᠴᠠ ᠠᠪᠤᠷᠠᠨ ᠭᠠᠮᠰᠢᠭ ᠠᠴᠠ ᠠᠪᠤᠷᠬᠠᠤ ᠡᠳ᠋ ᠪᠣᠳᠠᠰ ᠢ ᠭᠦᠢᠴᠡᠳ ᠪᠡᠯᠡᠳᠬᠡᠨ᠂ ᠡᠩᠨᠡᠭᠡᠨ ᠤ ᠰᠣᠷᠢᠯᠲᠠ ᠶᠢ | ᠴᠢᠩᠭᠠᠳᠬᠠᠵᠤ᠂ ᠠᠪᠤᠷᠠᠨ ᠲᠤᠰᠠᠯᠠᠬᠤ ᠬᠦᠴᠦᠨ ᠢ ᠤᠷᠢᠳᠴᠢᠯᠠᠨ ᠲᠣᠬᠢᠷᠠᠭᠤᠯᠬᠤ ᠬᠡᠷᠡᠭᠳᠡᠢ︔ 24 ᠴᠠᠭ ᠢᠶᠠᠷ | ᠪᠠᠴᠢᠮ ᠪᠠᠶᠢᠳᠠᠯ ᠢ ᠠᠷᠭᠠᠴᠠᠭᠠᠬᠤ ᠪᠠᠷ ᠵᠢᠵᠢᠭᠦᠷᠯᠡᠨ ᠰᠠᠬᠢᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠰᠠᠪᠠ ᠭᠠᠵᠠᠷ᠂ | ᠭᠤᠣᠯᠳᠠᠯᠭ᠎ᠠ ᠲᠠᠢ ᠣᠷᠣᠨ ᠪᠠᠶᠢᠷᠢ᠂ ᠪᠠᠭᠤᠷᠠᠢ ᠭᠤᠭᠴᠤᠭ᠎ᠠ᠂ ᠠᠶᠤᠯᠳᠠᠢ ᠪᠠᠷᠢᠯᠭ᠎ᠠ ᠶᠢᠨ ᠬᠡᠰᠡᠭ ᠲᠤ ᠲᠣᠭᠤᠷᠢᠨ | ᠪᠠᠶᠢᠴᠠᠭᠠᠵᠤ ᠴᠠᠭᠳᠠᠨ ᠰᠡᠷᠭᠡᠶᠢᠯᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠡᠭᠦᠰᠬᠦ ᠳᠤ ᠬᠦᠷᠪᠡᠯ᠂ ᠲᠠᠷᠤᠢ | ᠲᠦᠷᠭᠡᠨ ᠬᠦᠴᠦᠨ ᠢᠶᠠᠨ ᠲᠤᠬᠢᠷᠠᠭᠤᠯᠵᠤ ᠠᠶᠤᠯ ᠠᠴᠠ ᠠᠪᠤᠷᠠᠨ ᠲᠤᠰᠠᠯᠠᠵᠤ᠂ ᠪᠦᠬᠦ ᠬᠦᠴᠦᠨ ᠢᠶᠠᠷ ᠭᠠᠮᠰᠢᠭ ᠤᠨ | ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠭᠡᠬᠦ ᠬᠡᠷᠡᠭᠳᠡᠢ᠃ ᠠᠶᠤᠯ ᠲᠦᠭᠰᠢᠭᠦᠷᠢ ᠲᠠᠢ ᠭᠠᠵᠠᠷ ᠣᠷᠣᠨ ᠤ | ᠣᠯᠠᠨ ᠲᠦᠮᠡᠨ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠲᠣᠬᠢᠶᠠᠯᠳᠤᠪᠠᠯ ᠠᠶᠤᠯ ᠲᠦᠭᠰᠢᠭᠦᠷᠢ ᠲᠠᠢ ᠭᠠᠵᠠᠷ ᠣᠷᠣᠨ ᠤ ᠣᠯᠠᠨ | ᠲᠦᠮᠡᠨ ᠢ ᠡᠷᠡᠰ ᠰᠢᠭᠤᠷᠬᠠᠶ ᠪᠠᠷ ᠰᠢᠯᠵᠢᠭᠦᠯᠬᠦ ᠬᠡᠷᠡᠭᠳᠡᠢ᠃ ᠭᠡᠨᠡᠳᠲᠡ ᠶᠢᠨ ᠡᠬᠦᠰᠦᠭᠰᠡᠨ ᠲᠦᠭᠰᠢᠭᠦᠷᠢᠲᠦ ᠪᠠᠶᠢᠳᠠᠯ ᠢ | ᠰᠢᠢᠳᠪᠦᠷᠢᠯᠡᠬᠦ ᠳᠡᠭᠡᠨ᠂ ᠬᠥᠮᠦᠨ ᠢ ᠠᠪᠤᠷᠠᠬᠤ ᠶᠢ ᠵᠠᠪᠠᠯ ᠲᠡᠷᠢᠭᠦᠨ ᠳᠤ ᠲᠠᠯᠪᠢᠵᠤ᠂ ᠤᠯᠠᠨ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠲᠤᠬᠢᠷᠠᠭᠤᠯᠪᠠ᠃ | ᠬᠤᠷᠠᠯ ᠠᠴᠠ᠂ ᠮᠠᠨ ᠤ ᠣᠷᠣᠨ ᠤ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠦᠷᠭᠦᠯᠵᠢᠯᠡᠭᠰᠡᠨ | ᠪᠣᠳᠠᠲᠤ ᠪᠠᠶᠢᠳᠠᠯ ᠳᠤ ᠴᠢᠭᠯᠡᠭᠦᠯᠦᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ︽ᠬᠤᠶᠠᠷ | ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠵᠢᠯᠣᠭᠤᠳᠤᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠭᠠᠩ ᠬᠠᠭᠰᠠᠷᠠᠭᠠᠨ ᠦᠶᠡᠷ | ᠤᠰᠤᠲᠤᠯ ᠬᠡᠨᠡᠳᠳᠡ ᠬᠡᠴᠡᠬᠦᠳᠡᠬᠦ᠂ ᠣᠯᠠᠨ ᠭᠠᠮᠰᠢᠭ ᠵᠡᠷᠭᠡ ᠪᠠᠷ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠬᠠᠮᠲᠤ | ᠭᠠᠩᠳᠠᠭᠰᠠᠨ ᠭᠠᠵᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ᠂ | ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠪᠣᠯᠤᠨ ᠠᠮᠢ ᠠᠬᠤᠶ ᠳᠤ ᠬᠡᠷᠡᠭᠯᠡᠬᠦ | ᠤᠰᠤ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ | ᠠᠮᠢᠳᠤᠷᠠᠯ ᠢ ᠦᠨᠡᠨ ᠬᠦ ᠪᠠᠲᠤᠯᠠᠵᠤ᠂ ᠭᠤᠤᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠲᠠ ᠪᠠᠯᠭᠠᠰᠤ ᠪᠣᠯᠤᠨ | ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠡᠢ ᠭᠡᠵᠦ | ᠲᠤᠬᠢᠷᠠᠭᠤᠯᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ | ᠲᠤᠰᠠᠯᠠᠭᠴᠢ ᠠᠵᠢᠯᠳᠠᠨ ᠤ ᠳᠦᠷᠢᠮ ︵ᠲᠥᠰᠦᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠵᠠᠷᠴᠢᠮ ᠳᠡᠭᠡᠷ᠎ᠡ ᠪᠠᠨ | ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠢ ᠲᠡᠰ ᠲᠠᠷᠠᠭᠠᠯᠠᠯ ᠶᠣᠰᠣᠭᠠᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠳᠡᠪᠰᠢᠭᠦᠯᠵᠦ ᠬᠢᠨᠠᠨ ᠵᠥᠪᠯᠡᠭᠦᠯᠬᠦ ᠪᠠᠷ ᠳᠠᠭᠠᠭᠠᠯᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |