ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ ᠴᠡᠯᠡᠭᠡᠷ ᠲᠠᠯ᠎ᠠ ᠳᠤ ᠡᠬᠢᠯᠡᠯ᠎ᠡ ᠸᠠᠩ ᠯᠢ ᠰᠢᠶᠠ ᠶᠠᠩ ᠸᠧᠢ ᠳ᠋ᠦᠩ ᠶᠠᠩ ᠪᠠᠢ ᠯᠢᠩ ᠪᠠᠶᠠᠷ ᠤᠨ ᠦᠭᠡ ᠬᠡᠯᠡᠵᠦ ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2021/7/19
       7 ᠰᠠᠷ᠎ᠠ ᠶᠢᠨ 17 ᠤ ᠡᠳᠦᠷ᠂ ︽ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ︾ ᠤᠨ ᠡᠬᠢᠯᠡᠯᠲᠡ ᠶᠢᠨ ᠶᠣᠰᠣᠯᠠᠯ ᠴᠡᠯᠡᠭᠡᠷ ᠲᠠᠯ᠎ᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠤᠯ ᠤᠨ ᠳᠡᠳ᠋ ᠳᠠᠷᠤᠭ᠎ᠠ ᠶᠠᠩ ᠪᠠᠢ ᠯᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ᠃        ᠸᠠᠩ ᠯᠢ ᠰᠢᠶᠠ ᠪᠠᠶᠠᠷ ᠤᠨ ᠦᠭᠡ ᠳᠡᠭᠡᠨ᠂ ᠥᠪᠡᠷᠲᠡᠭᠡᠨ ᠵᠠᠰᠠᠬᠤ ᠣᠷᠣᠨ ᠤ ᠲᠥᠪ ᠪᠣᠯᠣᠭᠰᠠᠨ ᠤ ᠬᠤᠪᠢ ᠳᠤ᠂ ︽ᠬᠤᠶᠠᠷ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠰᠣᠯᠪᠢᠴᠠᠯ ᠤᠨ ᠲᠡᠦᠬᠡᠨ ᠴᠠᠭ ᠮᠥᠴᠡ ᠳᠤ ᠵᠣᠭᠰᠣᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤᠮᠳᠠ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠥᠬᠡᠬᠤᠲᠠ ᠥᠩᠭᠡᠷᠡᠭᠰᠡᠨ ᠤ ᠶᠠᠮᠠᠷ ᠨᠢᠭᠡᠨ ᠴᠠᠭ ᠮᠥᠴᠡ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠨᠡᠩ ᠬᠦᠰᠡᠮᠵᠢᠯᠡᠬᠦ ᠪᠣᠯᠪᠠ᠃ ᠠᠺᠠᠳᠧᠮᠢᠴᠢ ᠲᠤᠰᠬᠠᠢ ᠮᠡᠷᠭᠡᠵᠢᠯᠲᠡᠳ ᠤᠨ ᠰᠢᠨ᠎ᠡ ᠶᠢ ᠡᠭᠦᠳᠬᠦ ᠦᠢᠯᠡᠰ ᠢᠶᠠᠨ ᠣᠷᠣᠨ ᠤ ᠲᠥᠪ ᠲᠤ ᠪᠠᠶᠢᠷᠢᠰᠢᠭᠤᠯᠵᠤ᠂ ᠰᠤᠳᠤᠯᠭᠠᠨ ᠤ ᠦᠷ᠎ᠡ ᠪᠦᠲᠦᠭᠡᠯ ᠢᠶᠠᠨ ᠣᠷᠣᠨ ᠤ ᠲᠥᠪ ᠲᠤ ᠰᠢᠯᠵᠢᠭᠦᠯᠵᠦ᠂ ᠰᠢᠨ᠎ᠡ ᠬᠡᠪ ᠵᠠᠭᠪᠤᠷ᠂ ᠰᠢᠨ᠎ᠡ ᠪᠠᠶᠢᠳᠠᠯ᠂ ᠰᠢᠨ᠎ᠡ ᠰᠡᠳᠬᠢᠴᠡ ᠪᠠᠨ ᠣᠷᠣᠨ ᠤ ᠲᠥᠪ ᠲᠤ ᠦᠢᠯᠡᠳᠦᠯᠭᠡᠵᠢᠭᠦᠯᠬᠦ ᠶᠢ ᠬᠠᠯᠠᠭᠤᠨ ᠢᠶᠠᠷ ᠤᠭᠲᠤᠵᠤ ᠪᠠᠶᠢᠨ᠎ᠠ ᠭᠡᠵᠦ ᠬᠡᠯᠡᠪᠡ᠃        ᠶᠠᠩ ᠸᠧᠢ ᠳ᠋ᠦᠩ᠂ ᠣᠶᠢᠷ᠎ᠠ ᠶᠢᠨ ᠵᠢᠯ ᠠᠴᠠ᠂ ᠥᠪᠥᠷ ᠮᠣᠩᠭᠤᠯ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠨᠢᠭᠡ ᠲᠥᠪ ᠣᠯᠠᠨ ᠴᠡᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠶᠡᠭᠡ ᠪᠠᠷ ᠴᠣᠭᠴᠠᠯᠠᠵᠤ᠂ ᠡᠭᠦᠨ ᠳᠤ᠂ ᠬᠥᠬᠡᠬᠤᠲᠠ ᠲᠥᠪ ᠬᠤᠲᠠ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ ᠂ ᠴᠢᠳᠠᠪᠤᠷᠢᠲᠠᠨ ᠤ ᠠᠮᠢᠵᠢᠷᠠᠯ ᠤᠨ ᠬᠦᠴᠦᠨ ᠢᠶᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠷᠮᠠᠰᠢᠭᠤᠯᠤᠨ ᠬᠥᠭᠵᠢᠭᠡᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠣᠯᠭᠤᠬᠤ ᠡᠭᠦᠷᠭᠡ ᠴᠢᠳᠠᠪᠬᠢ ᠶᠢ ᠲᠠᠰᠤᠷᠠᠯᠲᠠ ᠦᠭᠡᠢ ᠢᠯᠡᠷᠡᠭᠦᠯᠪᠡ ᠭᠡᠵᠦ ᠵᠢᠭᠠᠵᠤ ᠭᠠᠷᠭᠠᠪᠠ᠃        ᠶᠠᠩ ᠪᠠᠢ ᠯᠢᠩ᠂ 2018 ᠣᠨ ᠳᠤ ᠬᠥᠬᠡᠬᠤᠲᠠ ᠶᠢᠨ ᠬᠢᠨ ᠰᠢᠨ᠎ᠡ ᠶᠢ ᠡᠭᠦᠳᠬᠦ ᠬᠥᠬᠡᠬᠤᠲᠠ ᠶᠢᠨ ᠠᠺᠠᠳᠧᠮᠢᠴᠢ ᠶᠢᠨ ᠶᠠᠷᠢᠶᠠᠨ ᠤ ᠲᠠᠪᠴᠠᠩ ᠢ ᠡᠷᠬᠢᠯᠡᠭᠰᠡᠨ ᠠᠴᠠ ᠨᠠᠭᠠᠰᠢ᠂ ᠠᠺᠠᠳᠧᠮᠢᠴᠢ ᠪᠣᠯᠣᠨ ᠲᠤᠰᠬᠠᠢ ᠮᠡᠷᠭᠡᠵᠢᠯᠲᠡᠨ ᠢᠶᠠᠷ ᠲᠥᠯᠥᠭᠡᠯᠡᠭᠦᠯᠦᠭᠰᠡᠨ ᠨᠢᠭᠡ ᠪᠦᠯᠦᠭ ᠳᠡᠭᠡᠳᠦ ᠳᠡᠰ ᠤᠨ ᠴᠢᠳᠠᠪᠤᠷᠢᠲᠠᠨ ᠢ ᠤᠷᠢᠨ ᠴᠤᠭᠯᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠥᠬᠡᠬᠤᠲᠠ ᠳᠤ ᠨᠠᠶᠢᠳᠠᠪᠤᠷᠢᠵᠢᠭᠤᠯᠬᠤ ᠶᠢ ᠠᠩᠬᠠᠷᠤᠨ ᠬᠠᠯᠠᠮᠵᠢᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠷ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ ᠠᠬᠢᠭᠤᠯᠪᠠ ᠭᠡᠵᠦ ᠢᠯᠡᠳᠬᠡᠵᠡᠢ        ᠡᠬᠢᠯᠡᠯᠲᠡ ᠶᠢᠨ ᠶᠣᠰᠣᠯᠠᠯ ᠳᠡᠭᠡᠷ᠎ᠡ᠂ ᠷᠠᠳᠢᠣ᠋ ᠮᠠᠲ᠋ᠧᠷᠢᠶᠠᠯ ᠤᠨ ᠠᠺᠠᠳᠧᠮᠢᠴᠢ ᠶᠢᠨ ᠠᠵᠢᠯᠯᠠᠬᠤ ᠥᠷᠲᠡᠭᠡ ᠵᠡᠷᠭᠡ 10 ᠠᠵᠢᠯᠯᠠᠬᠤ ᠥᠷᠲᠡᠭᠡ ᠫᠠᠶᠢᠰᠠ ᠡᠯᠭᠦᠪᠡ︔ ᠬᠥᠬᠡᠬᠤᠲᠠ ᠰᠢᠨ᠎ᠡ ᠶᠢ ᠡᠭᠦᠳᠬᠦ ᠵᠠᠮ ᠢᠶᠠᠷ ᠬᠡᠷᠬᠢᠨ ᠰᠠᠶᠢᠲᠤᠷ ᠵᠠᠮᠨᠠᠬᠤ ᠲᠤᠬᠠᠢ ᠠᠺᠠᠳᠧᠮᠢᠴᠢ ᠪᠣᠯᠣᠨ ᠬᠥᠬᠡᠬᠤᠲᠠ ᠶᠢᠨ ᠶᠠᠷᠢᠯᠴᠠᠭ᠎ᠠ ᠬᠢᠵᠡᠢ︔ ᠯᠢᠦ ᠴᠠᠩ ᠮᠢᠩ᠂ ᠷᠧᠨ ᠹᠠ ᠵᠧᠩ᠂ ᠵᠢᠶᠠᠩ ᠪᠢᠶᠣᠣ ᠠᠺᠠᠳᠧᠮᠢᠴᠢ ᠲᠤᠰ ᠲᠤᠰ ︽ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠭᠠᠵᠠᠷ ᠣᠷᠣᠨ ᠤ ᠤᠰᠤᠨ ᠤ ᠠᠰᠠᠭᠤᠳᠠᠯ ᠬᠢᠭᠡᠳ ᠵᠠᠰᠠᠯᠲᠠ ᠶᠢᠨ ᠲᠤᠬᠠᠢ ᠰᠦᠪᠡᠭᠴᠢᠯᠡᠯ ᠤᠳ︾᠂ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠣᠳᠣᠬᠢ ᠪᠠᠶᠢᠳᠠᠯ ᠵᠢᠴᠢ ᠬᠥᠭᠵᠢᠯᠲᠡ ᠶᠢᠨ ᠴᠢᠭᠯᠡᠯ︾᠂ ︽ᠠᠮᠤ ᠪᠤᠳᠠᠭ᠎ᠠ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠵᠢᠴᠢ ᠳᠡᠯᠭᠡᠷᠡᠭᠦᠯᠬᠦ︾ ᠭᠤᠣᠯ ᠵᠣᠷᠢᠯᠲᠠᠲᠤ ᠮᠡᠳᠡᠭᠦᠯᠦᠯᠲᠡ ᠬᠢᠵᠦ᠂ 10 ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠲᠥᠷᠥᠯ ᠵᠦᠢᠯ᠂ 10 ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ᠂ 10 ᠵᠢᠷᠭᠤᠭᠠᠨ ᠲᠣᠮᠣ ᠠᠵᠤ ᠦᠢᠯᠡᠰ ᠤᠨ ᠰᠦᠷᠦᠭᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号