ᠱᠢ ᠲᠠᠢ ᠹᠧᠩ ᠸᠠᠨ ᠪᠠᠩ ᠶᠢᠨ ᡁᠢ ᠰᠢᠩ ᠮᠠᠰᠢᠨ ᠲᠡᠷᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠹᠧᠩ ᠺᠠᠢ ᠸᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠬᠤᠩ ᠱᠧᠩ ᠲᠢᠶᠠᠨ ᠵᠢᠶᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠯᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2021/7/19
           7 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠸᠠᠨ ᠪᠠᠩ ᠶᠢᠨ ᡁᠢ ᠰᠢᠩ ᠮᠠᠰᠢᠨ ᠲᠡᠷᠬᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠹᠧᠩ᠂ ᠺᠠᠢ ᠸᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠬᠤᠩ ᠱᠧᠩ᠂ ᠲᠢᠶᠠᠨ ᠵᠢᠶᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠯᠢ ᠨᠡᠷ ᠲᠠᠢ ᠠᠭᠤᠯᠵᠠᠪᠠ᠃        ᠱᠢ ᠲᠠᠢ ᠹᠧᠩ ᠤᠯᠠᠨ ᠤ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠂ ᠭᠤᠷᠪᠠᠨ ᠠᠵᠤ ᠠᠬᠤᠶᠢᠯᠠᠯ ᠨᠢ ᠴᠥᠮ ᠥᠪᠥᠷ ᠮᠣᠩᠭᠤᠯ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠲᠠᠢ᠂ ᠲᠣᠰ ᠲᠣᠰ ᠤᠨ ᠳᠠᠪᠠᠭᠤᠯᠢᠭ ᠬᠦᠷᠢᠶ᠎ᠡ ᠴᠠᠷᠠᠭ᠎ᠠ ᠨᠢ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠳᠡᠭᠡᠳᠦ ᠬᠡᠮᠵᠢᠶ᠎ᠡ ᠪᠠᠷ ᠵᠣᠬᠢᠴᠠᠯᠳᠤᠵᠤ ᠪᠠᠶᠢᠨ᠎ᠠ᠃ ᠣᠳᠣᠬᠠᠨ ᠳᠤ᠂ ᠥᠪᠥᠷ ᠮᠣᠩᠭᠤᠯ ᠶᠠᠭ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ ᠪᠤᠢ᠃ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠲᠣᠭᠤᠷᠢᠨ ᠳᠤ ᠭᠦᠨᠵᠡᠭᠡᠢ ᠬᠠᠮᠲᠤᠷᠠᠯᠴᠠᠬᠤ ᠨᠡᠶᠢᠯᠡᠯ ᠴᠡᠭ ᠢ ᠣᠨᠣᠪᠴᠢᠲᠠᠢ ᠣᠯᠵᠤ᠂ ᠬᠠᠮᠲᠤᠷᠠᠯᠴᠠᠭᠠᠨ ᠤ ᠵᠦᠢᠯᠡᠰ ᠢ ᠪᠣᠳᠠᠲᠠᠢ ᠲᠦᠷᠦᠯ ᠵᠦᠢᠯ ᠳᠡᠭᠡᠷ᠎ᠡ ᠨᠠᠶᠢᠳᠠᠪᠤᠷᠢᠵᠢᠭᠤᠯᠤᠨ᠎ᠠ᠃ ᠥᠪᠥᠷ ᠮᠣᠩᠭᠤᠯ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠨᠤᠳᠤᠬᠰᠢᠵᠤ᠂ ᠰᠠᠨᠠᠭ᠎ᠠ ᠠᠮᠤᠷ ᠠᠵᠢᠯᠯᠠᠵᠤ᠂ ᠠᠰᠢᠭ ᠤᠯᠬᠤ ᠲᠠᠯ᠎ᠠ ᠪᠠᠷ ᠰᠡᠳᠬᠢᠯ ᠬᠠᠨᠤᠮᠵᠢᠲᠠᠶ ᠪᠠᠶᠢᠯᠭᠠᠨ᠎ᠠ ᠭᠡᠪᠡ᠃        ᠳ᠋ᠢᠩ ᠹᠧᠩ᠂ ᠬᠤᠸᠠᠩ ᠬᠤᠩ ᠱᠧᠩ᠂ ᠵᠢᠶᠠᠩ ᠯᠢ ᠲᠣᠰ ᠲᠣᠰ ᠥᠪᠡᠷ ᠥᠪᠡᠷ ᠤᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠵᠢᠴᠢ ᠥᠪᠥᠷ ᠮᠣᠩᠭᠤᠯ ᠳᠠᠬᠢ ᠪᠠᠯᠠ ᠣᠷᠣᠭᠤᠯᠤᠯᠲᠠ ᠶᠢᠨ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠥᠪᠥᠷ ᠮᠣᠩᠭᠤᠯ ᠤᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠬᠤ᠂ ᠰᠢᠨ᠎ᠡ ᠡᠨᠧᠷᠭᠢ ᠶᠢ ᠲᠦᠷᠭᠡᠳᠬᠡᠨ ᠬᠦᠭᠵᠢᠬᠦᠯᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠲᠣᠭᠤᠷᠢᠨ ᠳᠤ᠂ ᠭᠦᠨᠵᠡᠭᠡᠶ ᠵᠣᠯᠭᠠᠯᠴᠠᠭᠤᠯᠵᠤ ᠬᠠᠮᠲᠤᠷᠠᠯᠴᠠᠬᠤ ᠪᠠᠨ ᠴᠢᠩᠭᠠᠳᠬᠠᠵᠤ᠂ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ ᠭᠡᠵᠦ ᠢᠯᠡᠳᠬᠡᠪᠡ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠶ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号