| | 7 ᠰᠠᠷ᠎ᠠ ᠶᠢᠨ 16 ᠤ ᠡᠳᠤᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠤᠸᠠᠩᠳᠦ᠋ᠩ | ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠤ ᠠᠵᠤ ᠠᠬᠤᠶᠢᠯᠠᠯᠲᠠᠳ ᠤᠨ ᠬᠤᠯᠪᠣᠭ᠎ᠠ ᠶᠢᠨ ᠲᠡᠷᠢᠭᠦᠯᠡᠭᠴᠢ᠂ | ᠰᠢᠶᠠᠩᠭᠠᠩ ᠤᠨ ᠳᠤᠮᠳᠠᠳᠤ ᠶᠢᠨ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠦᠨᠢᠳᠠ ᠶᠢᠨ ᠨᠡᠷ᠎ᠡ ᠬᠦᠨᠳᠦᠲᠦ | ᠳᠠᠷᠤᠭ᠎ᠠ᠂ ᠰᠢᠶᠠᠩᠭᠠᠩ ᠤᠨ ᠰᠢᠨᠬᠤᠸᠠ ᠪᠦᠯᠦᠭᠯᠡᠯ ᠤᠨ ᠬᠡᠷᠡᠭ ᠮᠡᠳᠡᠭᠴᠢᠳ ᠤᠨ ᠵᠦᠪᠯᠡᠯ ᠤᠨ ᠲᠡᠷᠢᠭᠦᠯᠡᠭᠴᠢ ᠼᠠᠢ | ᠭᠤᠸᠠᠨ ᠱᠧᠨ ᠲᠠᠢ ᠠᠭᠤᠯᠵᠠᠪᠠ᠃ | ᠱᠢ ᠲᠠᠢ ᠹᠧᠩ ᠼᠠᠢ ᠭᠤᠸᠠᠨ ᠱᠧᠨ ᠨᠡᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ | ᠵᠥᠪᠳᠡᠯᠴᠡᠭᠡ ᠬᠢᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ | ᠮᠣᠩᠭᠤᠯ ᠤᠨ ᠦᠨᠳᠦᠰᠦᠨ ᠪᠠᠶᠢᠳᠠᠯ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ | ᠲᠠᠨᠢᠯᠴᠠᠭᠤᠯᠪᠠ᠃ ᠱᠢ ᠲᠠᠢ ᠹᠧᠩ᠂ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠪᠤᠯᠤᠨ ᠰᠢᠶᠠᠩᠭᠠᠩ | ᠰᠠᠶᠢᠨ ᠰᠠᠶᠢᠬᠠᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠪᠠᠲᠤᠯᠠᠵᠤ᠂ ᠰᠢᠶᠠᠩᠭᠠᠩ ᠪᠣᠯ ᠥᠪᠥᠷ ᠮᠣᠩᠭᠤᠯ ᠤᠨ | ᠨᠢᠭᠡᠳᠦᠭᠡᠷ ᠲᠣᠮᠣ ᠭᠠᠳᠠᠭᠠᠳᠤ ᠪᠠᠯᠠ ᠶᠢᠨ ᠢᠷᠡᠯᠲᠡ ᠶᠢᠨ ᠣᠷᠣᠨ ᠪᠠ ᠪᠠᠯᠠ ᠮᠦᠩᠬᠦ ᠶᠢ ᠣᠷᠣᠭᠤᠯᠤᠨ ᠠᠪᠴᠢᠷᠠᠬᠤ | ᠣᠶᠤᠨ ᠤᠬᠠᠭᠠᠨ ᠢ ᠣᠷᠣᠭᠤᠯᠤᠨ ᠠᠪᠴᠢᠷᠠᠬᠤ ᠴᠢᠬᠤᠯᠠ ᠲᠠᠪᠴᠠᠩ ᠪᠣᠯᠤᠨ᠎ᠠ ᠬᠡᠵᠤ ᠵᠢᠭᠠᠵᠤ ᠭᠠᠷᠭᠠᠪᠠ᠃ ᠲᠡᠷᠡ᠂ | ᠥᠪᠥᠷ ᠮᠣᠩᠭᠤᠯ ᠳᠤᠷᠠᠲᠠᠶ᠎ᠠ ᠰᠢᠶᠠᠩᠭᠠᠩ ᠤᠨ ᠰᠢᠨᠬᠤᠸᠠ ᠪᠦᠯᠦᠭᠯᠡᠯ ᠯᠦᠭᠡ ᠪᠥᠬᠦ ᠲᠠᠯ᠎ᠠ ᠶᠢᠨ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠰᠣᠶᠣᠯ ᠵᠢᠭᠤᠯᠴᠢᠯᠠᠯ᠂ ᠪᠠᠷᠠᠭᠠᠨ ᠤ ᠭᠦᠢᠯᠭᠡᠭᠡ | ᠵᠡᠷᠭᠡ ᠬᠦᠷᠢᠶ᠎ᠠ ᠴᠠᠷᠠᠭᠠᠨ ᠤ ᠲᠣᠭᠤᠷᠢᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠨᠢᠭᠡ ᠪᠦᠯᠦᠭ | ᠭᠤᠤᠯᠳᠠᠯᠭ᠎ᠠ ᠲᠠᠢ ᠲᠥᠷᠥᠯ ᠵᠦᠢᠯ ᠪᠣᠯᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠬᠠᠮᠲᠤ ᠪᠠᠷ ᠲᠥᠯᠥᠪᠵᠢᠭᠦᠯᠦᠨ ᠠᠬᠢᠭᠤᠯᠤᠨ᠎ᠠ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠤ ᠠᠵᠤ ᠠᠬᠤᠶᠢᠯᠠᠯᠲᠠᠳ ᠤᠨ ᠬᠤᠯᠪᠣᠭ᠎ᠠ ᠶᠢᠨ ᠬᠠᠮᠤᠷᠤᠬᠰᠠᠨ ᠠᠵᠢᠯ ᠲᠥᠷᠥᠯ ᠦᠷᠭᠡᠨ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠨᠠᠩ ᠣᠯᠠᠨ ᠰᠢᠯᠢᠳᠡᠭ ᠠᠵᠤ ᠠᠬᠤᠶᠢᠯᠠᠯ | ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠬᠥᠭᠵᠢᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ | ᠤᠭᠲᠤᠵᠤ ᠪᠠᠶᠢᠨ᠎ᠠ᠃ ᠪᠢᠳᠠ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ | ᠬᠦᠴᠦᠨ ᠢᠶᠠᠷ ᠢᠶᠠᠨ ᠪᠤᠢ ᠪᠣᠯᠭᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠪᠡᠯᠡ | ᠣᠷᠣᠭᠤᠯᠤᠨ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠰᠢᠯᠢᠳᠡᠭ ᠦᠢᠯᠡᠴᠢᠯᠡᠭᠡ | ᠬᠠᠩᠭᠠᠨ᠎ᠠ ᠬᠡᠪᠡ᠃ | ᠼᠠᠢ ᠭᠤᠸᠠᠨ ᠱᠧᠨ ᠰᠢᠶᠠᠩᠭᠠᠩ ᠤᠨ ᠰᠢᠨᠬᠤᠸᠠ ᠪᠦᠯᠦᠭᠯᠡᠯ ᠪᠣᠯᠤᠨ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠠᠵᠤ ᠠᠬᠤᠶᠢᠯᠠᠯᠲᠠᠳ ᠤᠨ ᠬᠤᠯᠪᠣᠭ᠎ᠠ ᠶᠢᠨ ᠬᠤᠯᠪᠣᠭᠳᠠᠯ ᠪᠥᠬᠦᠶ | ᠪᠠᠶᠢᠳᠠᠯ ᠢ ᠲᠠᠨᠢᠯᠴᠠᠭᠤᠯᠪᠠ᠃ ᠲᠡᠷᠡ᠂ ᠳᠤᠷᠠᠲᠠᠶ᠎ᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ︽ᠣᠷᠣᠭᠤᠯᠵᠤ ᠠᠪᠴᠢᠷᠠᠬᠤ᠂ ᠭᠠᠷᠴᠤ ᠶᠠᠪᠤᠬᠤ︾ ᠲᠠᠯ᠎ᠠ ᠪᠠᠷ ᠬᠥᠭᠦᠷᠭᠡ ᠬᠤᠯᠪᠣᠭᠠᠰᠤ ᠪᠤᠯᠵᠤ᠂ ᠥᠪᠥᠷ ᠮᠣᠩᠭᠤᠯ | ᠪᠣᠯᠤᠨ ᠰᠢᠶᠠᠩᠭᠠᠩ ᠵᠢᠴᠢ ᠪᠤᠰᠤᠳ ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ | ᠬᠦᠴᠦᠨ ᠴᠢᠳᠠᠯ ᠢᠶᠠᠨ ᠡᠷᠭᠦᠨ᠎ᠡ ᠬᠡᠵᠤ ᠢᠯᠡᠳᠬᠡᠪᠡ᠃ ᠰᠢᠶᠠᠩᠭᠠᠩ ᠤᠨ ᠰᠢᠨᠬᠤᠸᠠ ᠪᠦᠯᠦᠭᠯᠡᠯ ᠥᠪᠥᠷ | ᠮᠣᠩᠭᠤᠯ ᠯᠤᠭ᠎ᠠ ᠡᠷᠡᠭᠦᠯᠵᠢᠯ ᠰᠤᠪᠢᠯᠠᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠰᠣᠶᠣᠯ ᠵᠢᠭᠤᠯᠴᠢᠯᠠᠯ | ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠴᠢᠷᠮᠠᠶᠢᠨ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ | ᠣᠷᠣᠯᠴᠠᠵᠠᠢ᠃ |