| | | | | | | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠶᠠᠷᠢᠶ᠎ᠠ | ︵2021 ᠣᠨ ᠤ 7 ᠰᠠᠷ᠎ᠠ ᠶᠢᠨ 1 ᠤ ᠡᠳᠦᠷ︶ | ᠰᠢ ᠶᠢᠨ ᠫᠢᠩ | | ᠨᠥᠬᠦᠳ ᠡ᠂ ᠨᠠᠶᠢᠵᠠ ᠨᠠᠷ ᠡ᠄ | ᠡᠨᠡ ᠡᠳᠦᠷ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ | ᠦᠨᠳᠦᠰᠦᠲᠡᠨ ᠤ ᠲᠡᠦᠬᠡᠨ ᠳᠡᠭᠡᠷ᠎ᠡ ᠴᠥᠮ ᠲᠦᠢᠯ ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ | ᠠᠳᠡ ᠦᠪᠡᠳᠡᠭᠰᠢ ᠴᠤᠭᠯᠠᠭᠠᠨ ᠪᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ | ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ | ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ | ᠪᠠᠷᠠᠯᠠᠵᠤ ᠪᠠᠶᠢᠨ᠎ᠠ᠃ | ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠦᠬᠦ ᠭᠡᠰᠢᠭᠦᠳ ᠲᠤ ᠪᠠᠶᠠᠷ ᠤᠨ ᠡᠳᠦᠷ ᠤᠨ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠠᠳᠡ᠂ ᠪᠢ ᠨᠠᠮ ᠪᠣᠯᠤᠨ ᠠᠷᠠᠳ ᠲᠦᠮᠡᠨ ᠤ ᠡᠮᠦᠨ᠎ᠡ ᠠᠴᠠ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ | ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ ᠭᠡᠵᠦ ᠲᠥᠪ | ᠴᠢᠩᠭ᠎ᠠ ᠪᠠᠷ ᠲᠤᠩᠬᠠᠭᠯᠠᠶᠠ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ︕ ᠡᠨᠡ | ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠢᠷᠠᠭᠤ ᠠᠯᠳᠠᠷ ᠮᠥᠨ︕ ᠡᠨᠡ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ ᠮᠥᠨ︕ | ᠨᠥᠬᠦᠳ ᠡ᠂ ᠨᠠᠶᠢᠵᠠ ᠨᠠᠷ ᠡ︕ | ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠮᠥᠨ᠂ 5000 ᠭᠠᠷᠤᠢ | ᠵᠢᠯ ᠤᠨ ᠥᠨᠢ ᠤᠳᠠᠭᠠᠨ ᠪᠤᠯᠪᠠᠰᠤᠨ ᠲᠡᠦᠬᠡ ᠲᠠᠢ ᠶᠤᠮ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ | ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠶᠤᠮ᠃ 1840 ᠣᠨ ᠤ ᠬᠠᠷ᠎ᠠ ᠲᠠᠮᠠᠬᠢ ᠶᠢᠨ ᠲᠠᠶᠢᠨ ᠤ ᠲᠠᠷᠠᠭ᠎ᠠ᠂ | ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠳᠤ ᠤᠷᠤᠵᠤ᠂ ᠤᠯᠤᠰ | ᠭᠦᠷᠦᠨ ᠭᠤᠳᠤᠭᠠᠯ ᠲᠤᠷᠤᠮᠵᠢᠯᠠᠯ ᠠᠮᠰᠠᠵᠤ᠂ ᠠᠷᠠᠳ ᠲᠦᠮᠡᠨ ᠭᠠᠮᠰᠢᠭ ᠵᠣᠪᠠᠯᠠᠩ ᠳᠤ ᠤᠨᠠᠵᠤ᠂ ᠰᠤᠶᠤᠯ ᠪᠣᠯᠪᠠᠰᠤᠨ | ᠲᠣᠭᠤᠰᠣ ᠲᠤᠷᠳᠤᠭ ᠲᠤ ᠳᠠᠷᠤᠭᠳᠠᠵᠤ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ | ᠵᠤᠪᠠᠯᠠᠩ ᠳᠤ ᠤᠴᠠᠷᠠᠪᠠ᠃ ᠲᠡᠷᠡ ᠦᠶ᠎ᠡ ᠠᠴᠠ ᠡᠬᠢᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ | ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠣᠯᠵᠠᠢ᠃ | ᠦᠨᠳᠦᠰᠦᠲᠡᠨ ᠢᠶᠠᠨ ᠮᠥᠬᠦᠯ ᠤᠨ ᠠᠶᠤᠯ ᠠᠴᠠ ᠠᠪᠤᠷᠠᠬᠤ ᠶᠢᠨ ᠲᠥᠯᠥᠭᠡ᠂ ᠳᠤᠮᠳᠠᠳᠤ ᠤᠯᠤᠰ ᠤᠨ ᠠᠷᠠᠳ | ᠲᠦᠮᠡᠨ ᠪᠠᠭᠠᠲᠤᠷᠯᠢᠭ ᠢᠶᠠᠷ ᠡᠰᠡᠷᠭᠦᠴᠡᠵᠦ᠂ ᠴᠢᠩ ᠵᠤᠷᠢᠭᠳᠠᠨ ᠪᠤᠰᠤᠯᠴᠠᠨ ᠬᠠᠰᠬᠢᠷᠤᠯᠳᠤᠵᠤ᠂ ᠲᠠᠢ ᠫᠢᠩ ᠲᠢᠶᠠᠨ | ᠭᠦᠸᠧ ᠶᠢᠨ ᠬᠥᠳᠡᠯᠭᠡᠭᠡᠨ᠂ ᠰᠢᠷ᠎ᠠ ᠨᠣᠬᠠᠢ ᠵᠢᠯ ᠤᠨ ᠬᠠᠤᠯᠢ ᠶᠢᠨ ᠥᠭᠡᠷᠡᠴᠢᠯᠡᠯᠲᠡ᠂ ᠢ ᠾᠧ ᠲᠤᠸᠠᠨ ᠤ ᠬᠥᠳᠡᠯᠭᠡᠭᠡᠨ᠂ | ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠵᠠᠯᠭᠠᠭ᠎ᠠ ᠪᠠᠷ ᠥᠷᠨᠢᠵᠦ᠂ ᠡᠯ᠎ᠠ ᠵᠦᠢᠯ ᠤᠨ ᠤᠯᠤᠰ ᠢᠶᠠᠨ ᠠᠪᠤᠷᠠᠬᠤ ᠲᠥᠰᠦᠯ | ᠵᠠᠯᠭᠠᠭ᠎ᠠ ᠪᠠᠷ ᠭᠠᠷᠤᠭᠰᠠᠨ ᠪᠣᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ ᠰᠢᠨ᠎ᠡ ᠦᠵᠡᠯ ᠰᠠᠨᠠᠭ᠎ᠠ ᠪᠠᠷ | ᠤᠯᠤᠰ ᠢᠶᠠᠨ ᠠᠪᠤᠷᠠᠬᠤ ᠬᠥᠳᠡᠯᠭᠡᠭᠡᠨ ᠢ ᠬᠦᠲᠦᠯᠦᠨ ᠳᠠᠭᠠᠭᠤᠯᠬᠤ ᠶᠢ ᠲᠤᠯᠭᠠᠮ ᠱᠠᠭᠠᠷᠳᠠᠵᠤ᠂ ᠰᠢᠨ᠎ᠡ ᠵᠣᠬᠢᠶᠠᠨ | ᠪᠠᠶᠢᠭᠤᠯᠤᠯᠲᠠ ᠪᠠᠷ ᠬᠤᠪᠢᠰᠬᠠᠯ ᠤᠨ ᠬᠦᠴᠦᠨ ᠢ ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠪᠠ᠃ | ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠲᠠᠭᠤᠨ ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢ | ᠠᠪᠴᠢᠷᠠᠵᠤ ᠥᠭᠪᠡ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠭᠡᠭᠡᠷᠡᠯᠳᠡ ᠶᠢᠨ ᠶᠠᠪᠤᠴᠠ ᠳᠤ᠂ ᠮᠠᠷᠺᠰ ᠯᠧᠨᠢᠨ ᠤ ᠦᠵᠡᠯ ᠪᠤᠯᠤᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ | ᠨᠢᠭᠲᠠ ᠤᠶᠠᠯᠳᠤᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠤᠨ ᠪᠠᠶᠢᠳᠠᠯ ᠢ ᠲᠠᠭᠠᠨ ᠮᠡᠨᠳᠦᠯᠡᠵᠡᠢ᠃ | ᠳᠤᠮᠳᠠᠳᠤ ᠤᠯᠤᠰ ᠲᠤ ᠡᠪ ᠬᠠᠮᠲᠤ ᠨᠠᠮ ᠮᠡᠨᠳᠦᠯᠡᠪᠠ᠂ ᠡᠨᠡ ᠪᠣᠯ ᠤᠷᠢᠳ ᠡᠮᠦᠨ᠎ᠡ ᠭᠠᠷᠤᠭ᠎ᠠ ᠦᠬᠡᠢ ᠶᠡᠭᠡ ᠬᠡᠷᠡᠭ | ᠬᠤᠪᠢᠰᠤᠯ ᠪᠤᠯᠤᠨ᠎ᠠ᠂ ᠡᠨᠡ ᠨᠢ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ | ᠴᠢᠭᠯᠡᠯ ᠪᠠ ᠠᠬᠢᠴᠠ ᠶᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ | ᠦᠨᠳᠦᠰᠦᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠭᠦᠨᠵᠡᠭᠡᠢ ᠬᠤᠪᠢᠷᠠᠭᠤᠯᠵᠤ᠂ ᠳᠡᠯᠡᠬᠡᠢ ᠶᠢᠨ ᠬᠥᠭᠵᠢᠯᠲᠡ ᠶᠢᠨ | ᠬᠠᠨᠳᠤᠰᠢ ᠪᠠ ᠪᠠᠶᠢᠷᠢᠰᠢᠯ ᠢ ᠭᠦᠨᠵᠡᠭᠡᠢ ᠬᠤᠪᠢᠷᠠᠭᠤᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ | ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ | ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ | ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠨᠢᠭᠡ ᠭᠤᠣᠯ ᠰᠡᠳᠦᠪ ᠪᠣᠯᠤᠨ᠎ᠠ᠃ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ | ᠠᠮᠵᠢᠯᠲᠠ ᠶᠢ ᠡᠭᠦᠳᠦᠭᠰᠡᠨ ᠶᠤᠮ᠃ ᠪᠢᠳᠡ ᠤᠮᠠᠷᠠᠰᠢ ᠳᠠᠶᠢᠯᠠᠬᠤ ᠲᠠᠶᠢᠨ᠂ ᠭᠠᠵᠠᠷ ᠲᠠᠷᠢᠶᠠᠨ ᠤ ᠬᠤᠪᠢᠰᠬᠠᠯᠲᠤ ᠲᠠᠶᠢᠨ᠂ | ᠶᠠᠫᠣᠨ ᠢ ᠡᠰᠡᠷᠭᠦᠴᠡᠬᠦ ᠲᠠᠶᠢᠨ᠂ ᠴᠢᠯᠥᠭᠡᠯᠡᠬᠦ ᠲᠠᠶᠢᠨ ᠢ ᠥᠩᠭᠡᠷᠡᠭᠡᠵᠦ᠂ ᠵᠡᠪᠰᠡᠭᠲᠦ ᠬᠤᠪᠢᠰᠬᠠᠯ ᠢᠶᠠᠷ ᠵᠡᠪᠰᠡᠭᠲᠦ | ᠬᠤᠪᠢᠰᠬᠠᠯ ᠤᠨ ᠡᠰᠡᠷᠭᠦᠴᠦᠳ ᠢ ᠡᠰᠡᠷᠭᠦᠴᠡᠵᠦ᠂ ᠡᠵᠡᠷᠬᠡᠭ ᠲᠦᠷᠢᠮᠡᠬᠡᠢ ᠶᠣᠰᠣ᠂ ᠹᠸᠤᠳᠠᠯ ᠶᠣᠰᠣ᠂ ᠨᠣᠶᠠᠨᠴᠢ | ᠬᠥᠷᠥᠩᠭᠡᠲᠦ ᠶᠣᠰᠣ ᠵᠡᠷᠭᠡ ᠭᠤᠷᠪᠠᠨ ᠶᠡᠭᠡ ᠠᠭᠤᠯᠠ ᠶᠢ ᠲᠦᠯᠬᠢᠨ ᠤᠨᠠᠭᠠᠵᠤ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠭᠰᠡᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ | ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠪᠡ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠨᠢ ᠬᠠᠭᠤᠴᠢᠨ | ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ | ᠬᠠᠭᠤᠴᠢᠨ ᠳᠤᠮᠳᠠᠳᠤ ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ | ᠤᠯᠤᠰ ᠤᠳ ᠤᠨ ᠳᠤᠮᠳᠠᠳᠤ ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠣᠯᠤᠨ ᠡᠵᠡᠷᠬᠡᠭ ᠲᠦᠷᠢᠮᠡᠬᠡᠶ | ᠶᠣᠰᠣᠨ ᠤ ᠳᠤᠮᠳᠠᠳᠤ ᠤᠯᠤᠰ ᠲᠠᠬᠢ ᠠᠯᠢᠪᠠ ᠣᠨᠴᠠ ᠡᠷᠬᠡ ᠶᠢ ᠲᠦᠢᠯᠪᠤᠷᠢᠲᠠᠶ ᠤᠰᠠᠳᠬᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠨᠡᠶᠢᠭᠡᠮ ᠤᠨ ᠨᠥᠬᠦᠴᠡᠯ ᠢ | ᠪᠦᠷᠢᠯᠳᠦᠭᠦᠯᠵᠦ ᠥᠭᠴᠡᠶ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ | ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠤᠯᠤᠰ ᠤᠨ ᠠᠷᠠᠳ ᠲᠦᠮᠡᠨ ᠪᠣᠰᠴᠤ ᠵᠣᠭᠰᠣᠯ᠎ᠠ᠂ | ᠳᠤᠮᠳᠠᠳᠤ ᠶᠢᠨ ᠦᠨᠳᠦᠰᠦᠲᠡᠨ ᠬᠥᠮᠦᠨ ᠪᠦᠬᠦᠨ ᠳᠤ ᠳᠠᠷᠤᠯᠠᠭᠳᠠᠵᠤ᠂ ᠳᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠭᠰᠠᠨ | ᠴᠠᠭ ᠦᠶ᠎ᠡ ᠪᠤᠴᠠᠯᠲᠠ ᠦᠭᠡᠢ ᠡᠴᠦᠰᠯᠡᠵᠡᠢ ᠭᠡᠵᠤ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ | ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠪᠢᠳᠡ ᠨᠡᠶᠢᠭᠡᠮ ᠵᠢᠷᠤᠮᠲᠤ | ᠬᠤᠪᠢᠰᠬᠠᠯ ᠬᠢᠵᠦ᠂ ᠳᠤᠮᠳᠠᠳᠤ ᠤᠯᠤᠰ ᠲᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠹᠸᠤᠳᠠᠯ ᠤᠨ ᠲᠠᠷᠤᠯᠠᠯ ᠮᠦᠯᠵᠢᠯᠳᠤ | ᠪᠠᠶᠢᠭᠤᠯᠤᠯ ᠢ ᠤᠰᠠᠳᠬᠠᠵᠤ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠣᠭᠲᠠᠭᠠᠵᠤ᠂ ᠨᠡᠶᠢᠭᠡᠮ ᠵᠢᠷᠤᠮ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠵᠡᠷᠬᠡᠭ ᠲᠦᠷᠢᠮᠡᠬᠡᠢ ᠶᠣᠰᠣ᠂ ᠡᠵᠡᠷᠬᠡᠬᠦ ᠦᠵᠡᠯ ᠤᠨ ᠨᠤᠷᠠᠭᠠᠯᠲᠠ ᠡᠪᠳᠡᠯᠡᠭᠡ | ᠪᠠ ᠵᠡᠪᠰᠡᠭᠲᠦ ᠥᠳᠥᠭᠡᠯᠭᠡ ᠶᠢ ᠢᠯᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ | ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠣᠨ᠂ ᠬᠥᠮᠦᠨ ᠠᠮᠠ | ᠤᠯᠠᠨ ᠳᠣᠷᠣᠨᠠᠳᠠᠬᠢᠨ ᠤ ᠶᠡᠭᠡ ᠤᠯᠤᠰ ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠲᠠᠪᠰᠢᠨ ᠤᠷᠤᠬᠰᠠᠨ ᠠᠭᠤᠤ | ᠶᠡᠭᠡ ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠴᠡᠢ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ | ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠡᠭᠡᠨ | ᠴᠢᠳᠠᠮᠠᠭᠠᠢ ᠪᠠᠶᠢᠬᠤ ᠪᠠᠷ ᠪᠠᠷᠠᠬᠤ ᠦᠭᠡᠢ ᠪᠠᠰᠠ ᠰᠢᠨ᠎ᠡ ᠶᠢᠷᠲᠢᠨᠴᠦ ᠶᠢ ᠪᠠᠶᠢᠭᠤᠯᠬᠤ ᠳᠠᠭᠠᠨ ᠴᠤ ᠴᠢᠳᠠᠮᠠᠭᠠᠢ ᠪᠠᠶᠢᠭ᠎ᠠ ᠶᠤᠮ᠂ | ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ | ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠵᠤ ᠲᠡᠯᠡᠭᠡᠢ ᠳ᠋ᠠᠬᠢᠨ ᠳᠤ ᠲᠦᠪ ᠴᠢᠩᠭ᠎ᠠ ᠪᠠᠷ ᠲᠤᠩᠬᠠᠬᠯᠠᠪᠠ︕ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠳᠠᠢ ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ | ᠵᠢᠷᠤᠮ ᠤᠨ ᠣᠳᠣᠬᠢᠴᠢᠯᠠᠯᠳᠠ ᠶᠢᠨ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ | ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ | ᠠᠴᠢ ᠬᠤᠯᠪᠣᠭᠳᠠᠯ ᠲᠠᠢ ᠠᠭᠤᠤ ᠶᠡᠭᠡ ᠡᠷᠭᠢᠯᠲᠡ ᠶᠢ ᠪᠡᠶᠡᠯᠡᠭᠦᠯᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ | ᠨᠠᠮ ᠤᠨ ᠦᠨᠳᠦᠰᠦᠨ ᠱᠤᠭᠤᠮ ᠢ ᠲᠣᠭᠲᠠᠭᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ | ᠠᠬᠢᠭᠤᠯᠵᠤ᠂ ᠡᠯ᠎ᠡ ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠡᠭᠦᠳᠦᠨ ᠪᠠᠶᠢᠭᠤᠯᠵᠤ᠂ ᠪᠠᠷᠢᠮᠲᠠᠯᠠᠵᠦ᠂ ᠬᠠᠮᠠᠭᠠᠯᠠᠵᠤ᠂ ᠬᠥᠭᠵᠢᠭᠦᠯᠵᠤ᠂ ᠳᠡᠭᠡᠳᠦ | ᠬᠡᠮᠵᠢᠶ᠎ᠡ ᠪᠠᠷ ᠲᠥᠪᠯᠡᠷᠡᠭᠰᠡᠨ ᠲᠥᠯᠥᠪᠯᠡᠭᠡᠲᠦ ᠠᠵᠤ ᠠᠬᠤᠶ ᠶᠢᠨ ᠪᠠᠶᠢᠭᠤᠯᠤᠮᠵᠢ ᠠᠴᠠ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠬᠦᠷᠲᠡᠯ᠎ᠡ᠂ ᠲᠦᠭᠵᠢᠮᠡᠯ ᠬᠠᠭᠠᠰ | ᠲᠦᠭᠵᠢᠮᠡᠯ ᠪᠠᠶᠢᠳᠠᠯ ᠠᠴᠠ ᠪᠦᠬᠦ ᠲᠠᠯ᠎ᠠ ᠪᠠᠷ ᠨᠡᠭᠡᠭᠡᠯᠲᠡ ᠬᠢᠬᠦ ᠬᠦᠷᠳᠡᠯᠡᠬᠢ ᠲᠡᠦᠬᠡᠲᠦ ᠴᠢᠨᠠᠷᠲᠠᠢ ᠬᠤᠪᠢᠷᠠᠯᠲᠠ ᠶᠢ | ᠪᠡᠶᠡᠯᠡᠭᠦᠯᠵᠤ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠪᠠᠷ ᠬᠤᠴᠣᠷᠤᠩᠭᠤᠶ ᠪᠠᠶᠢᠭᠰᠠᠨ ᠠᠴᠠ ᠪᠠᠨ ᠠᠵᠤ | ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠤᠷᠤᠭᠰᠠᠨ ᠲᠡᠦᠬᠡᠲᠦ ᠴᠢᠨᠠᠷᠲᠠᠶ ᠰᠢᠪᠲᠤᠯᠤᠯᠲᠠ ᠶᠢ | ᠪᠡᠶᠡᠯᠡᠭᠦᠯᠤᠨ᠂ ᠠᠷᠠᠳ ᠤᠨ ᠠᠮᠢᠳᠤᠷᠠᠯ ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ ᠶᠡᠷᠦᠩᠬᠡᠶ ᠳᠡᠭᠡᠨ | ᠴᠢᠨᠡᠭᠡᠯᠢᠭ ᠪᠣᠯᠬᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠪᠠᠶᠢᠭᠤᠯᠤᠮᠵᠢ ᠶᠢᠨ ᠪᠠᠲᠤᠯᠠᠭ᠎ᠠ ᠪᠠ ᠲᠦᠷᠭᠡᠨ ᠬᠥᠭᠵᠢᠬᠦ ᠪᠣᠳᠠᠰ ᠤᠨ ᠨᠥᠬᠦᠴᠡᠯ ᠢ ᠬᠠᠩᠭᠠᠪᠠ᠃ ᠳᠤᠮᠳᠠᠳᠤ ᠤᠯᠤᠰ ᠤᠨ | ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ | ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ | ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ | ᠭᠦᠢᠴᠡᠵᠡᠢ ᠭᠡᠵᠦ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠡᠷᠬᠢᠮᠯᠠᠨ ᠰᠢᠨ᠎ᠡ ᠶᠢ ᠡᠭᠦᠳᠴᠦ᠂ ᠠᠭᠤᠤ | ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ | ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠠᠮᠵᠢᠯᠲᠠ ᠶᠢ ᠡᠭᠦᠳᠦᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠪᠢᠳᠡ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠤᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠲᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠵᠤ᠂ | ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠤ᠂ ᠠᠯᠢ | ᠣᠯᠠᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ | ᠪᠤᠳᠤᠯᠭ᠎ᠠ ᠶᠢᠨ ᠲᠤᠬᠢᠷᠠᠭᠤᠯᠤᠯᠳᠠ ᠶᠢ ᠲᠣᠳᠣᠷᠬᠠᠶᠢᠯᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ | ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠠᠩ ᠪᠦᠷᠢᠨ ᠲᠡᠭᠦᠯᠳᠡᠷ ᠳᠦᠷᠢᠮ ᠤᠨ ᠪᠠᠲᠤᠯᠠᠭ᠎ᠠ᠂ ᠨᠠᠩ ᠪᠠᠲᠤ ᠪᠠᠬᠢ | ᠪᠣᠳᠠᠰ ᠤᠨ ᠰᠠᠭᠤᠷᠢ᠂ ᠨᠠᠩ ᠰᠠᠨᠠᠭᠠᠴᠢᠯᠠᠭᠠᠳᠤ ᠣᠶᠤᠨ ᠰᠠᠨᠠᠭᠠᠨ ᠤ ᠬᠦᠴᠦᠨ ᠢ ᠬᠠᠩᠭᠠᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ | ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ | ᠦᠰᠦᠷᠦᠯᠲᠡ ᠶᠢ ᠤᠭᠲᠤᠨ ᠠᠪᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠪᠡᠶᠡᠯᠡᠭᠳᠡᠭᠦ ᠨᠢ ᠰᠦᠷᠦᠰᠢ ᠦᠭᠡᠢ ᠲᠡᠦᠭᠡᠨ ᠤᠷᠤᠰᠬᠠᠯ ᠪᠤᠯᠪᠠ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ | ᠲᠤᠩᠬᠠᠭᠯᠠᠪᠠ᠃ | ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ︽ᠨᠠᠨᠳᠢᠨ ᠠᠮᠢ ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ᠂ ᠨᠡᠷᠡᠨ | ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠤ︾ ᠣᠮᠤᠭ ᠵᠣᠷᠢᠭ ᠢᠶᠠᠷ ᠳᠤᠮᠳᠠᠳᠤ ᠶᠢᠨ ᠦᠨᠳᠦᠰᠦᠲᠡᠨ ᠤ ᠬᠡᠳᠦᠨ | ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠭᠠᠶᠢᠬᠠᠮᠰᠢᠬᠳᠦ ᠲᠤᠤᠯᠢᠰ ᠢ ᠪᠢᠴᠢᠭᠯᠡᠪᠡ᠃ ᠡᠨᠡᠬᠦ ᠵᠠᠭᠤᠨ ᠵᠢᠯ ᠤᠨ | ᠲᠤᠷᠰᠢ ᠨᠡᠭᠡᠭᠡᠭᠰᠡᠨ ᠠᠭᠤᠤ ᠶᠡᠭᠡ ᠵᠠᠮ᠂ ᠴᠤᠬᠴᠠᠯᠠᠬᠰᠠᠨ ᠠᠭᠤᠤ ᠶᠡᠭᠡ ᠦᠢᠯᠡᠰ᠂ ᠣᠯᠤᠭᠰᠠᠨ ᠠᠭᠤᠤ ᠶᠡᠭᠡ | ᠠᠮᠵᠢᠯᠲᠠ ᠨᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ᠂ ᠬᠥᠮᠦᠨ ᠲᠥᠷᠥᠯᠬᠢᠲᠡᠨ ᠤ | ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠬᠦ ᠨᠢ ᠯᠠᠪᠲᠠᠢ ᠶᠤᠮ︕ | ᠨᠥᠬᠦᠳ ᠡ᠂ ᠨᠠᠶᠢᠵᠠ ᠨᠠᠷ ᠡ︕ | ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ ᠡᠪ | ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠤᠭ | ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ | ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ | ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ | ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ | ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠢ | ᠳᠠᠪᠲᠠᠨ ᠪᠣᠯᠪᠠᠰᠤᠷᠠᠭᠤᠯᠪᠠ᠃ ᠲᠡᠦᠬᠡ ᠶᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠶᠢᠨ ᠦᠶ᠎ᠡ ᠳᠤ | ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ | ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠡᠭᠦᠷᠢᠳᠡ | ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ︕ | ᠨᠥᠬᠦᠳ ᠡ᠂ ᠨᠠᠶᠢᠵᠠ ᠨᠠᠷ ᠡ︕ | ᠵᠠᠭᠤᠨ ᠵᠢᠯ ᠤᠨ ᠲᠤᠷᠰᠢ᠂ ᠮᠠᠨ ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ ᠤᠯᠤᠰ ᠤᠨ ᠡᠪ | ᠬᠠᠮᠲᠤᠴᠤᠳ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠥᠨ᠃ ᠮᠠᠤ ᠽᠧ ᠳ᠋ᠦᠩ ᠨᠥᠬᠦᠷ᠂ ᠳ᠋ᠧᠩ ᠰᠢᠶᠤᠤ ᠫᠢᠩ ᠨᠥᠬᠦᠷ᠂ ᠵᠢᠶᠠᠩ ᠽᠧ ᠮᠢᠨ ᠨᠥᠬᠦᠷ᠂ | ᠬᠤ᠋ ᠶᠢᠨ ᠲᠤᠤ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠦᠯᠦᠭᠡ ᠲᠡᠦᠬᠡ ᠰᠤᠳᠤᠷ ᠢ ᠭᠡᠶᠢᠭᠦᠯᠦᠭᠰᠡᠨ | ᠠᠭᠤᠤ ᠶᠡᠭᠡ ᠭᠠᠪᠢᠶ᠎ᠠ ᠵᠢᠳᠬᠦᠯ ᠪᠠᠶᠢᠭᠤᠯᠪᠠ︕ ᠪᠢᠳᠡ ᠲᠡᠳᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | | ᠡᠨᠡ ᠬᠦ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠬᠤ᠂ ᠪᠠᠬᠢᠵᠢᠭᠦᠯᠬᠦ᠂ | ᠬᠥᠭᠵᠢᠭᠦᠯᠬᠦ ᠶᠢᠨ ᠲᠥᠯᠥᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠮᠠᠤ ᠽᠧ ᠳ᠋ᠦᠩ᠂ ᠵᠧᠦ ᠡᠸ᠋ᠨ ᠯᠠᠢ᠂ ᠯᠢᠦ | ᠱᠤᠤ ᠴᠢ᠂ ᠵᠤ᠋ ᠳ᠋ᠧ᠂ ᠳ᠋ᠧᠩ ᠰᠢᠶᠤᠤ ᠫᠢᠩ᠂ ᠴᠧᠨ ᠶᠦᠨ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠢ ᠭᠦᠨ ᠮᠥᠷᠥᠭᠡᠳᠦᠨ ᠰᠠᠨᠠᠭᠠᠯᠵᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ | ᠪᠦᠳᠦᠭᠡᠨ ᠪᠠᠶᠢᠭᠤᠯᠬᠤ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ | ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ | ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠤᠢᠢᠷ᠎ᠠ | ᠦᠶ᠎ᠡ ᠠᠴᠠ ᠨᠠᠭᠠᠰᠢᠬᠢ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ | ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ ᠢ ᠬᠦᠨ ᠮᠦᠷᠤᠬᠡᠳᠤᠨ ᠰᠠᠨᠠᠭᠠᠯᠵᠠᠵᠤ ᠪᠠᠶᠢᠨ᠎ᠠ᠃ ᠲᠡᠳᠡᠨ ᠤ ᠡᠬᠡ | ᠤᠯᠤᠰ ᠪᠣᠯᠤᠨ ᠦᠨᠳᠦᠰᠦᠲᠡᠨ ᠤ ᠪᠠᠨ ᠲᠥᠯᠥᠭᠡ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠨᠢ ᠲᠡᠦᠬᠡᠨ | ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ︕ ᠲᠡᠳᠡᠨ ᠤ ᠡᠷᠬᠢᠮ ᠳᠡᠭᠡᠳᠦ ᠵᠣᠷᠢᠭ ᠰᠠᠨᠠᠭ᠎ᠠ ᠨᠢ ᠠᠷᠠᠳ ᠲᠦᠮᠡᠨ ᠤ | ᠰᠡᠳᠬᠢᠯ ᠳᠤ ᠡᠭᠦᠷᠢᠳᠡ ᠬᠠᠳᠠᠩᠰᠢᠬᠤ ᠶᠤᠮ︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ ᠮᠥᠨ᠃ ᠪᠢ ᠨᠠᠮ ᠤᠨ | ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ ᠰᠡᠬᠡᠭᠡᠲᠡᠨ᠂ ᠡᠯ᠎ᠡ | ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ᠂ ᠡᠯ᠎ᠡ | ᠡᠲᠡᠭᠡᠳ ᠤᠨ ᠡᠬᠡ ᠣᠷᠣᠨᠴᠢ ᠬᠥᠮᠦᠰ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ | ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ | ᠰᠡᠷᠭᠡᠶᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠵᠢᠯᠤᠭᠤᠳᠤᠬᠴᠢ ᠪᠠᠶᠢᠯᠳᠤᠭᠴᠢ᠂ ᠪᠦᠬᠦ ᠨᠡᠶᠢᠭᠡᠮ | ᠵᠢᠷᠤᠮ ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠬᠦᠨ ᠳᠤ ᠡᠷᠬᠢᠮ ᠳᠡᠭᠡᠳᠦ ᠬᠦᠨᠳᠦᠳᠬᠡᠯ | ᠳᠡᠪᠰᠢᠭᠦᠯᠦᠶ᠎ᠠ︕ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠠᠬ᠎ᠠ ᠳᠡᠭᠦᠦ ᠨᠡᠷ᠂ ᠣᠣᠮᠧᠨ ᠵᠠᠰᠠᠭ | ᠵᠠᠬᠢᠷᠭᠠᠨ ᠤ ᠣᠨᠴᠠᠭᠠᠢ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠵᠢᠴᠢ ᠥᠷᠭᠡᠨ ᠤᠯᠠᠨ | ᠳᠤᠮᠳᠠᠳᠤ ᠶᠢᠨ ᠬᠠᠷᠢᠶᠠᠲᠤ ᠨᠡᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ︕ ᠳᠤᠮᠳᠠᠳᠤ ᠤᠯᠤᠰ ᠤᠨ ᠠᠷᠠᠳ | ᠲᠦᠮᠡᠨ ᠲᠠᠢ ᠨᠥᠬᠦᠷᠰᠡᠭ ᠢᠶᠠᠷ ᠶᠠᠪᠤᠯᠴᠠᠵᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠠᠷᠠᠳ ᠲᠦᠮᠡᠨ ᠪᠠ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠨᠥᠬᠦᠳ ᠡ᠂ ᠨᠠᠶᠢᠵᠠ ᠨᠠᠷ ᠡ︕ | ᠤᠭ ᠰᠠᠨᠠᠭ᠎ᠠ ᠶᠢ ᠲᠤᠬᠳᠠᠭᠠᠬᠤ ᠳᠤ ᠬᠢᠯᠪᠠᠷ᠂ ᠢᠮᠠᠭᠲᠠ ᠵᠢᠷᠤᠮᠯᠠᠬᠤ ᠳᠤ ᠬᠦᠴᠢᠷ᠃ ᠲᠡᠦᠬᠡ ᠪᠠᠷ ᠲᠤᠯᠢ | ᠪᠣᠯᠭᠠᠪᠠᠯ᠂ ᠲᠦᠷᠦ ᠭᠦᠷᠦᠨ ᠤ ᠮᠠᠨᠳᠤᠵᠤ ᠮᠥᠬᠦᠬᠦ ᠰᠤᠯᠢᠬᠳᠠᠬᠤ ᠶᠤᠰᠤ ᠶᠢ ᠮᠡᠳᠡᠵᠦ ᠪᠣᠯᠤᠨ᠎ᠠ᠃ ᠪᠢᠳᠡ ᠲᠡᠦᠬᠡ ᠪᠠᠷ | ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ | ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠢ ᠲᠠᠨᠢᠵᠤ | ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ ᠲᠣᠳᠣᠷᠬᠠᠢ ᠣᠶᠢᠯᠠᠭᠠᠵᠤ᠂ ᠡᠭᠦᠨ ᠤ ᠤᠯᠠᠮ ᠢᠶᠠᠷ | ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠤᠴᠢᠷ ᠶᠠᠪᠤᠳᠠᠯ ᠢ | ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠳᠤᠮᠳᠠᠳᠤ ᠶᠢᠨ ᠦᠨᠳᠦᠰᠦᠲᠡᠨ ᠤ ᠤᠢᠢᠷ᠎ᠠ ᠦᠶ᠎ᠡ ᠠᠴᠠ ᠨᠠᠭᠠᠰᠢᠬᠢ | 180 ᠭᠠᠷᠤᠢ ᠵᠢᠯ ᠤᠨ ᠲᠡᠦᠬᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ 100 | ᠵᠢᠯ ᠤᠨ ᠲᠡᠦᠬᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ 70 ᠭᠠᠷᠤᠢ | ᠵᠢᠯ ᠤᠨ ᠲᠡᠦᠬᠡ ᠴᠥᠮ ᠳᠤᠮᠳᠠᠳᠤ ᠤᠯᠤᠰ ᠤᠨ ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠦ ᠴᠢᠳᠠᠬᠤ | ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ | ᠭᠦᠢᠴᠡᠳ ᠭᠡᠷᠡᠴᠢᠯᠡᠪᠡ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠮᠤᠭ ᠤᠨ ᠢᠯᠠ ᠲᠤᠳᠤ ᠮᠥᠨ ᠴᠢᠨᠠᠷ ᠤᠨ ᠣᠨᠴᠠᠯᠢᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ᠂ ᠨᠠᠮ ᠪᠣᠯᠤᠨ ᠤᠯᠤᠰ ᠤᠨ ᠦᠨᠳᠦᠰᠦ | ᠰᠠᠭᠤᠷᠢ᠂ ᠠᠮᠢᠨ ᠰᠤᠳᠠᠰᠤ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ | ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠭ᠎ᠠ ᠶᠤᠮ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠤᠯᠤᠰ ᠤᠨ ᠶᠡᠭᠡ | ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ | ᠪᠠᠷᠢᠬᠤ᠂ ᠬᠠᠤᠯᠢ ᠶᠣᠰᠣᠭᠠᠷ ᠲᠥᠷᠥ ᠪᠠᠷᠢᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ ᠤᠨ ᠪᠥᠬᠦ | ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠵᠤ ᠤᠳᠤᠷᠢᠳᠬᠤ ᠭᠤᠤᠯᠯᠠᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠶ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ | ᠬᠡᠷᠡᠭᠲᠡᠢ᠃ ᠲᠥᠷᠥ ᠵᠠᠰᠠᠭ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠵᠠᠰᠠᠭ ᠮᠦᠨ᠂ ᠲᠥᠷᠥ ᠵᠠᠰᠠᠭ ᠢ | ᠪᠠᠶᠢᠭᠤᠯᠬᠤ᠂ ᠲᠥᠷᠥ ᠵᠠᠰᠠᠭ ᠢ ᠰᠠᠬᠢᠬᠤ ᠨᠢ ᠠᠷᠠᠳ ᠲᠦᠮᠡᠨ ᠤ ᠰᠡᠳᠬᠢᠯ ᠢ ᠰᠠᠬᠢᠵᠦ ᠪᠠᠶᠢᠭ᠎ᠠ ᠶᠠᠪᠤᠳᠠᠯ ᠪᠣᠯᠤᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ | ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ᠂ ᠠᠷᠠᠳ ᠲᠦᠮᠡᠨ ᠲᠠᠢ | ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠦᠬᠦᠵᠦ ᠰᠡᠭᠡᠬᠦ ᠪᠠᠨ ᠬᠠᠮᠲᠤᠳᠬᠠᠵᠤ ᠪᠠᠶᠢᠭ᠎ᠠ ᠶᠤᠮ᠂ ᠶᠠᠮᠠᠷ ᠴᠤ ᠥᠪᠡᠷ ᠤᠨ | ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠶᠠᠮᠠᠷᠪᠠ ᠡᠷᠬᠡ | ᠰᠦᠷᠲᠦ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ ᠶᠤᠮ᠃ | ᠳᠤᠮᠳᠠᠳᠤ ᠤᠯᠤᠰ ᠤᠨ ᠡᠪ ᠬᠠᠮᠲᠤ ᠨᠠᠮ ᠢ ᠳᠤᠮᠳᠠᠳᠤ ᠤᠯᠤᠰ ᠤᠨ ᠠᠷᠠᠳ ᠲᠦᠮᠡᠨ ᠠᠴᠠ ᠰᠠᠯᠭᠠᠵᠤ᠂ ᠡᠰᠡᠷᠭᠦᠴᠡᠯᠳᠦᠭᠦᠯᠬᠦ | ᠭᠡᠰᠡᠨ ᠶᠠᠮᠠᠷᠪᠠ ᠤᠷᠤᠯᠳᠤᠯᠭ᠎ᠠ ᠪᠣᠯ ᠴᠥᠮ ᠪᠡᠶᠡᠯᠡᠭᠳᠡᠰᠢ ᠦᠭᠡᠢ ᠶᠤᠮ︕ ᠡᠭᠦᠨ ᠢ 9500 ᠭᠠᠷᠤᠢ ᠲᠦᠮᠡᠨ ᠳᠤᠮᠳᠠᠳᠤ | ᠤᠯᠤᠰ ᠤᠨ ᠡᠪ ᠬᠠᠮᠲᠤᠴᠤᠳ ᠵᠥᠪᠰᠢᠶᠡᠷᠡᠬᠦ ᠦᠭᠡᠢ ᠶᠤᠮ︕ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ | ᠲᠦᠮᠡᠨ ᠴᠦ ᠵᠥᠪᠰᠢᠶᠡᠷᠡᠬᠦ ᠦᠭᠡᠢ ᠶᠤᠮ︕ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢ ᠡᠭᠦᠳᠦᠨ | ᠪᠦᠲᠦᠭᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ | ᠪᠠᠷᠢᠮᠲᠠᠯᠠᠨ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠠᠮ ᠤᠨ ᠤᠯᠠᠨ ᠲᠦᠮᠡᠨᠴᠢ ᠱᠤᠭᠤᠮ ᠢ | ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠳᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠬᠥᠭᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠬᠥᠭᠵᠢᠯᠲᠡ | ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠪᠠ ᠠᠷᠠᠳ ᠤᠯᠠᠨ ᠤ ᠲᠤᠯᠭᠠᠮ ᠱᠠᠭᠠᠷᠳᠠᠵᠦ ᠪᠠᠶᠢᠭ᠎ᠠ | ᠬᠦᠴᠢᠷᠳᠡᠵᠦ ᠪᠠᠶᠢᠭ᠎ᠠ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠮᠦᠨ ᠤ ᠪᠦᠬᠦ | ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠤᠳᠠᠳᠤ | ᠠᠬᠢᠴᠠ ᠲᠠᠢ ᠪᠣᠯᠭᠠᠬᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠪᠣᠯ ᠮᠠᠨ ᠤ ᠨᠠᠮ ᠪᠠᠶᠢᠭᠤᠯᠬᠤ ᠤᠯᠤᠰ | ᠪᠠᠶᠢᠭᠤᠯᠬᠤ ᠶᠢᠨ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠂ ᠮᠠᠨ ᠤ ᠨᠠᠮ ᠤᠨ ᠰᠦᠭ ᠰᠦᠨᠡᠰᠦ ᠪᠠ ᠲᠤᠭ | ᠲᠡᠮᠳᠡᠭ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠤᠨ ᠦᠵᠡᠯ ᠤᠨ ᠦᠨᠳᠦᠰᠦᠨ ᠶᠣᠰᠣ ᠶᠢ ᠪᠠᠷᠢᠮᠲᠠᠯᠠᠵᠤ᠂ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠦ᠂ ᠴᠠᠭ | ᠦᠶ᠎ᠡ ᠶᠢᠨ ᠶᠡᠭᠡ ᠬᠠᠨᠳᠤᠰᠢ ᠶᠢ ᠨᠡᠪᠲᠡ ᠠᠵᠢᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠢᠷᠭᠠᠭᠤ | ᠬᠠᠲᠠᠭᠤᠵᠢᠯᠲᠠᠢ ᠪᠠᠷ ᠬᠠᠶᠢᠨ ᠰᠦᠪᠡᠭᠴᠢᠯᠡᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ | ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠵᠢᠯᠣᠭᠤᠳᠤᠨ ᠠᠭᠤᠤ ᠶᠡᠭᠡ ᠨᠡᠶᠢᠭᠡᠮ ᠤᠨ | ᠬᠤᠪᠢᠰᠬᠠᠯ ᠢ ᠲᠠᠰᠤᠷᠠᠯᠲᠠ ᠦᠭᠡᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠪᠤᠢ ᠭᠡᠪᠡᠯ ᠡᠴᠦᠰ ᠤᠨ | ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠭᠰᠠᠨ ᠠᠴᠠ ᠪᠣᠯᠤᠭᠰᠠᠨ ᠶᠤᠮ︕ | ᠰᠢᠨ᠎ᠡ ᠠᠶᠠᠨ ᠳᠠᠭᠠᠨ᠂ ᠪᠢᠳᠠ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠶᠣᠰᠣ ᠶᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ ᠦᠶ᠎ᠡ ᠶᠢ ᠠᠵᠢᠠᠠᠯᠠᠵᠦ᠂ ᠴᠠᠭ ᠦᠶ᠎ᠡ ᠶᠢ ᠡᠵᠡᠮᠳᠡᠵᠦ᠂ | ᠴᠠᠭ ᠦᠶ᠎ᠡ ᠶᠢ ᠬᠦᠳᠦᠯᠦᠨ ᠳᠠᠭᠠᠭᠤᠯᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ | ᠵᠠᠭᠤᠨ ᠤ ᠮᠠᠷᠺᠰ ᠤᠨ ᠦᠵᠡᠯ ᠢ ᠦᠷᠭᠦᠯᠵᠢᠯᠡᠨ ᠬᠥᠭᠵᠢᠭᠦᠯᠬᠦ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠥᠪᠡᠷ ᠤᠨ ᠵᠠᠮ ᠢᠶᠠᠷ ᠢᠶᠠᠨ ᠵᠠᠮᠨᠠᠬᠤ ᠪᠣᠯ | ᠨᠠᠮ ᠤᠨ ᠪᠦᠬᠦ ᠤᠨᠤᠯ ᠪᠠ ᠦᠢᠯᠡᠳᠦᠯᠭᠡ ᠶᠢᠨ ᠵᠣᠭᠰᠣᠴᠠ ᠮᠥᠨ᠂ ᠨᠡᠩ ᠴᠤ ᠨᠠᠮ ᠤᠨ ᠵᠠᠭᠤᠨ ᠵᠢᠯ ᠤᠨ ᠲᠡᠮᠡᠴᠡᠯ ᠢᠶᠠᠷ | ᠳᠠᠮᠵᠢᠨ ᠣᠯᠤᠭᠰᠠᠨ ᠲᠡᠦᠬᠡᠨ ᠳ᠋ᠦᠩᠨᠡᠯᠲᠡ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠨᠠᠮ | ᠪᠠ ᠠᠷᠠᠳ ᠲᠦᠮᠡᠨ ᠤ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ | ᠣᠯᠤᠭᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠥᠪ ᠵᠠᠮ ᠮᠥᠨ᠃ ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠵᠦ᠂ ᠪᠣᠳᠠᠰ ᠤᠨ ᠪᠣᠯᠪᠠᠰᠤᠨ᠂ ᠤᠯᠤᠰ ᠲᠦᠷᠦ ᠶᠢᠨ ᠪᠣᠯᠪᠠᠰᠤᠨ᠂ ᠤᠶᠤᠨ ᠤ ᠪᠣᠯᠪᠠᠰᠤᠨ᠂ | ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ ᠢ ᠨᠡᠬᠡᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ | ᠬᠡᠯᠪᠡᠷᠢ ᠪᠠᠶᠢᠳᠠᠯ ᠢ ᠪᠤᠢ ᠪᠤᠯᠭᠠᠵᠠᠢ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠨᠠᠮ ᠤᠨ ᠦᠨᠳᠦᠰᠦᠨ ᠤᠨᠤᠯ᠂ ᠦᠨᠲᠦᠰᠦᠠ ᠱᠤᠭᠤᠮ᠂ ᠦᠨᠲᠦᠰᠦᠨ | ᠴᠢᠭᠯᠡᠯᠲᠡ ᠶᠢ ᠪᠠᠷᠢᠮᠲᠠᠯᠠᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ | ᠲᠥᠯᠥᠪᠵᠢᠬᠦᠯᠦᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠦ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠨ | ᠬᠦᠴᠦᠷᠬᠡᠭᠵᠢᠬᠦ ᠶᠢ ᠠᠬᠢᠭᠤᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠨ᠂ ᠬᠠᠤᠯᠢ ᠶᠤᠰᠤᠭᠠᠷ | ᠤᠯᠤᠰ ᠢᠶᠠᠨ ᠵᠠᠰᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠬᠴᠢ ᠥᠷᠳᠡᠭ ᠤᠨ ᠰᠢᠰᠲ᠋ᠧᠮ ᠢ ᠪᠠᠷᠢᠮᠲᠠᠯᠠᠵᠦ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠪᠠᠶᠢᠭᠠᠯᠢ ᠡᠶ᠎ᠡ | ᠵᠣᠬᠢᠴᠠᠩᠭᠤᠢ ᠬᠠᠮᠲᠤ ᠣᠷᠣᠰᠢᠬᠤ ᠶᠢ ᠪᠠᠷᠢᠮᠲᠠᠯᠠᠵᠦ᠂ ᠠᠷᠠᠳ ᠲᠦᠮᠡᠨ ᠢ ᠴᠢᠨᠡᠭᠡᠯᠢᠭᠵᠢᠬᠦᠯᠬᠦ᠂ ᠤᠯᠤᠰ ᠬᠦᠷᠦᠨ ᠢ | ᠬᠦᠴᠦᠷᠭᠡᠭᠵᠢᠬᠦᠯᠬᠦ᠂ ᠳᠤᠮᠳᠠᠳᠤ ᠤᠯᠤᠰ ᠢ ᠦᠵᠡᠰᠬᠦᠯᠡᠩᠳᠦ ᠰᠠᠶᠢᠬᠠᠨ ᠪᠤᠯᠭᠠᠬᠤ ᠶᠢ ᠬᠠᠮᠵᠢᠯᠴᠠᠭᠤᠯᠤᠨ ᠠᠬᠢᠭᠤᠯᠬᠤ | ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠳᠤ 5000 ᠭᠠᠷᠤᠢ ᠵᠢᠯ ᠤᠨ ᠲᠡᠦᠬᠡ ᠶᠢᠨ ᠤᠯᠠᠷᠢᠯ ᠬᠤᠪᠢᠰᠤᠯ ᠤᠨ ᠳᠤᠮᠳᠠ | ᠪᠦᠷᠢᠯᠳᠦᠭᠰᠡᠨ ᠭᠡᠷᠡᠯ ᠰᠠᠴᠤᠷᠠᠩᠭᠤᠢ ᠪᠣᠯᠪᠠᠰᠤᠨ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠵᠠᠭᠤᠨ ᠵᠢᠯ ᠤᠨ | ᠲᠡᠮᠡᠴᠡᠯ ᠤᠨ ᠦᠢᠯᠡᠳᠦᠯᠭᠡ ᠪᠣᠯᠤᠨ 70 ᠭᠠᠷᠤᠢ ᠵᠢᠯ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠤᠭᠰᠠᠠ | ᠲᠤᠷᠰᠢᠯᠭ᠎ᠠ ᠲᠠᠢ ᠶᠤᠮ᠂ ᠪᠢᠳᠡ ᠬᠥᠮᠦᠨ ᠲᠥᠷᠥᠯᠬᠢᠲᠡᠨ ᠤ ᠪᠣᠯᠪᠠᠰᠤᠨ ᠤ ᠠᠰᠢᠭᠲᠠᠢ ᠦᠷ᠎ᠡ ᠪᠦᠲᠦᠭᠡᠯ ᠪᠦᠬᠦᠨ ᠢ | ᠢᠳᠡᠪᠬᠢᠲᠡᠢ ᠰᠤᠷᠤᠯᠴᠠᠨ ᠲᠡᠭᠦᠨ ᠢᠶᠠᠷ ᠲᠤᠯᠢ ᠪᠣᠯᠭᠠᠵᠤ᠂ ᠠᠰᠢᠭᠲᠠᠢ ᠰᠠᠨᠠᠭᠤᠯᠭ᠎ᠠ ᠪᠠ ᠰᠠᠶᠢᠨ ᠰᠠᠨᠠᠭᠠᠨ ᠤ ᠰᠢᠭᠦᠮᠵᠢᠯᠡᠯ | ᠪᠦᠬᠦᠨ ᠢ ᠪᠠᠶᠠᠷᠯᠠᠨ ᠤᠭᠲᠤᠨ᠎ᠠ᠂ ᠭᠡᠪᠡᠴᠦ ᠪᠢᠳᠡ ᠶᠠᠭᠠᠬᠢᠭᠰᠠᠨ ᠴᠤ ︽ᠪᠠᠭᠰᠢᠳᠠᠨ︾ ᠢᠶᠠᠷ ᠠᠪᠤᠷᠢᠯᠠᠨ ᠵᠢᠭᠠᠵᠤ ᠲᠤᠬᠢᠬᠤ | ᠰᠤᠷᠭᠠᠯ ᠢ ᠤᠭᠲᠤ ᠬᠦᠯᠢᠶᠡᠬᠦ ᠦᠭᠡᠢ︕ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ | ᠠᠷᠠᠳ ᠲᠦᠮᠡᠨ ᠥᠪᠡᠷ ᠤᠨ ᠰᠣᠩᠭᠤᠭᠰᠠᠨ ᠵᠠᠮ ᠢᠶᠠᠷ ᠢᠶᠠᠨ ᠴᠡᠭᠡᠵᠢ ᠲᠡᠨᠢᠢᠨ ᠲᠤᠮᠤ ᠠᠯᠬᠤᠮ ᠢᠶᠠᠷ ᠤᠷᠤᠭᠰᠢᠯᠠᠵᠤ᠂ | ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠨ᠎ᠠ︕ | — ᠲᠡᠤᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠃ ᠤᠯᠤᠰ ᠬᠦᠷᠦᠨ ᠢᠶᠠᠨ | ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠣᠯ ᠰᠠᠶ᠋ᠢ ᠤᠯᠤᠰ | ᠬᠦᠷᠦᠨ ᠠᠮᠤᠷ ᠲᠠᠶᠢᠪᠤᠩ ᠪᠠᠶᠢᠵᠤ ᠴᠢᠳᠠᠨ᠎ᠠ᠃ ᠨᠠᠮ ᠠᠴᠠ ᠵᠡᠪᠰᠡᠭ ᠢ ᠵᠢᠯᠤᠭᠤᠳᠬᠤ᠂ ᠥᠪᠡᠷ ᠤᠨ ᠠᠷᠠᠳ ᠤᠨ ᠴᠡᠷᠢᠭ | ᠠᠩᠬᠢ ᠪᠠᠨ ᠪᠠᠶᠢᠭᠤᠯᠬᠤ ᠶᠢ ᠪᠠᠷᠢᠮᠲᠠᠯᠠᠬᠤ ᠪᠣᠯ ᠨᠠᠮ ᠤᠨ ᠴᠢᠰᠤᠲᠤ ᠲᠡᠮᠡᠴᠡᠯ ᠤᠨ ᠳᠤᠮᠳᠠ ᠠᠴᠠ ᠣᠯᠤᠭᠰᠠᠨ | ᠨᠢᠴᠤᠭᠠᠭᠳᠠᠰᠢ ᠤᠢᠭᠡᠢ ᠦᠨᠡᠨ ᠶᠣᠰᠣ ᠮᠥᠨ᠃ ᠠᠷᠠᠳ ᠤᠨ ᠴᠡᠷᠢᠭ ᠠᠩᠬᠢ ᠨᠢ ᠨᠠᠮ ᠪᠣᠯᠤᠨ ᠠᠷᠠᠳ ᠲᠦᠮᠡᠨ ᠳᠤ | ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠤᠭᠰᠠᠨ ᠶᠤᠮ᠂ ᠡᠨᠡ ᠪᠣᠯ ᠬᠤᠪᠢᠰᠬᠠᠯᠲᠤ ᠲᠦᠷᠦ ᠵᠠᠰᠠᠭ ᠢ ᠬᠠᠮᠠᠭᠠᠯᠠᠬᠤ᠂ | ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠪᠠᠲᠤ ᠴᠢᠩᠭ᠎ᠠ ᠲᠤᠯᠭᠠᠭᠤᠷᠢ ᠮᠥᠨ᠂ ᠪᠠᠰᠠ ᠴᠤ ᠭᠠᠵᠠᠷ ᠣᠷᠣᠨ ᠪᠣᠯᠤᠨ | ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠮᠥᠨ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ | ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠠᠷᠠᠳ ᠤᠨ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ | ᠵᠠᠮᠨᠠᠬᠤ ᠶᠢ ᠪᠠᠷᠢᠮᠲᠠᠯᠠᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ | ᠬᠦᠴᠦᠷᠬᠡᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠴᠡᠷᠢᠭ | ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ ᠪᠠᠶᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ | ᠨᠡᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠬᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠬᠡᠬᠡᠬᠦ ᠳᠤ᠂ ᠡᠷᠬᠡᠪᠰᠢ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠡᠩᠬᠡ ᠲᠠᠶᠢᠪᠤᠩ᠂ | ᠡᠶ᠎ᠡ ᠨᠠᠶᠢᠷᠠᠮᠳᠠᠭᠤ᠂ ᠡᠶ᠎ᠡ ᠵᠣᠬᠢᠴᠠᠩᠭᠤᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ | ᠲᠤᠷᠰᠢ ᠬᠥᠭᠡᠭᠡᠴᠡᠯᠳᠦᠭᠰᠡᠭᠡᠷ ᠢᠷᠡᠭᠰᠡᠨ ᠪᠥᠭᠡᠳ ᠵᠠᠯᠭᠠᠮᠵᠢᠯᠠᠭᠰᠠᠭᠠᠷ ᠢᠷᠡᠭᠰᠡᠨ ᠣᠶᠢᠯᠠᠭᠠᠭᠳᠠᠬᠤᠨ ᠮᠥᠨ᠂ ᠳᠤᠮᠳᠠᠳᠤ ᠶᠢᠨ | ᠦᠨᠳᠦᠰᠦᠲᠡᠨ ᠤ ᠴᠢᠰᠤᠨ ᠳᠤ ᠪᠤᠰᠤᠳ ᠢ ᠲᠦᠷᠢᠮᠡᠬᠡᠶᠢᠯᠡᠬᠦ᠂ ᠡᠵᠡᠨ ᠮᠡᠳᠡᠵᠤ ᠡᠵᠡᠷᠬᠡᠨ ᠠᠭᠠᠰᠢᠯᠠᠬᠤ ᠤᠳᠤᠮᠰᠢᠯ ᠬᠡᠵᠤ | ᠪᠠᠶᠢᠬᠤ ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ ᠢᠷᠡᠭᠡᠳᠦᠢ ᠶᠢᠨ ᠬᠤᠪᠢ | ᠵᠠᠶᠠᠭ᠎ᠠ ᠶᠢ ᠠᠩᠬᠠᠷᠴᠤ᠂ ᠳᠡᠯᠡᠬᠡᠢ ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ ᠬᠤᠯᠪᠣᠨ ᠤᠷᠤᠭᠰᠢᠯᠠᠨ᠎ᠠ᠂ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ | ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ︕ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ | ᠠᠰᠢᠭ ᠭᠥᠷᠳᠡᠬᠦ ᠲᠤᠭ ᠢ ᠥᠨᠳᠥᠷ ᠮᠠᠨᠳᠤᠭᠤᠯᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ | ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ | ᠬᠥᠭᠵᠢᠯᠲᠡ ᠪᠠᠷ ᠳᠡᠯᠡᠬᠡᠶ ᠳ᠋ᠠᠬᠢᠨ ᠳᠤ ᠰᠢᠨ᠎ᠡ ᠠᠵᠠ ᠲᠣᠬᠢᠶᠠᠯ ᠤᠯᠭᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ | ᠦᠷᠭᠦᠯᠵᠢᠯᠡᠨ ᠡᠩᠬᠡ ᠲᠠᠶᠢᠪᠤᠩ ᠢ ᠡᠷᠬᠢᠮᠯᠡᠳᠡᠭ ᠠᠯᠢᠪᠠ ᠤᠯᠤᠰ ᠪᠠ ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ᠂ | ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠲᠠᠢ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠬᠠᠮᠲᠤᠷᠠᠯᠴᠠᠬᠤ ᠠᠴᠠ ᠪᠢᠰᠢ ᠡᠰᠡᠷᠭᠦᠴᠡᠯᠳᠦᠬᠦ ᠦᠭᠡᠢ᠂ | ᠨᠡᠭᠡᠭᠡᠯᠳᠡ ᠬᠢᠬᠦ ᠠᠴᠠ ᠪᠢᠰᠢ ᠡᠬᠦᠳᠡ ᠪᠠᠨ ᠲᠦᠭᠵᠢᠬᠦ ᠦᠭᠡᠢ ᠪᠠᠶᠢᠬᠤ ᠶᠢ ᠪᠠᠷᠢᠮᠲᠠᠯᠠᠵᠤ᠂ ᠬᠠᠷᠢᠯᠴᠠᠨ ᠠᠰᠢᠭᠳᠠᠢ | ᠬᠠᠮᠲᠤ ᠪᠠᠷ ᠠᠰᠢᠬ ᠬᠥᠷᠳᠡᠬᠦ ᠶᠢ ᠪᠠᠷᠢᠮᠲᠠᠯᠠᠨ᠂ ᠲᠡᠭ ᠨᠡᠶᠢᠯᠡᠪᠤᠷᠢ ᠶᠢᠨ ᠦᠵᠡᠯᠴᠡᠭᠡᠨ ᠢ ᠬᠢᠬᠦ ᠦᠭᠡᠢ᠂ ᠡᠵᠡᠷᠬᠡᠬᠦ ᠦᠵᠡᠯ | ᠪᠠ ᠬᠦᠴᠦᠷᠬᠡᠭᠯᠡᠯ ᠤᠨ ᠤᠯᠤᠰ ᠲᠦᠷᠤ ᠶᠢ ᠡᠰᠡᠷᠭᠦᠴᠡᠵᠦ᠂ ᠲᠡᠦᠬᠡ ᠶᠢᠨ ᠬᠦᠷᠳᠦ ᠶᠢᠨ ᠭᠡᠭᠡᠨ ᠰᠠᠷᠠᠭᠤᠯ ᠬᠠᠷᠠᠯᠲᠠ ᠲᠡᠶᠢᠰᠢ | ᠤᠷᠤᠭᠰᠢᠯᠠᠬᠤ ᠶᠢ ᠠᠬᠢᠭᠤᠯᠤᠨ᠎ᠠ︕ | ᠳᠤᠮᠳᠠᠳᠤ ᠤᠯᠤᠰ ᠤᠨ ᠠᠷᠠᠳ ᠲᠦᠮᠡᠨ ᠪᠣᠯ ᠰᠢᠳᠤᠷᠭᠤ ᠶᠣᠰᠣ ᠶᠢ ᠡᠷᠬᠢᠮᠯᠡᠵᠦ᠂ ᠬᠦᠴᠦᠷᠬᠡᠭᠯᠡᠯ ᠠᠴᠠ | ᠰᠦᠷᠳᠡᠳᠡᠭ ᠦᠭᠡᠢ ᠠᠷᠠᠳ ᠲᠦᠮᠡᠨ ᠮᠥᠨ᠂ ᠳᠤᠮᠳᠠᠳᠤ ᠶᠢᠨ ᠦᠨᠳᠦᠰᠦᠲᠡᠨ ᠪᠣᠯ ᠪᠠᠲᠤ ᠴᠢᠩᠭ᠎ᠠ ᠦᠨᠳᠦᠰᠦᠲᠡᠨ ᠤ | ᠤᠮᠤᠬᠰᠢᠯᠳᠦ ᠰᠡᠳᠬᠢᠯᠭᠡ ᠪᠠ ᠢᠲᠡᠭᠡᠯ ᠵᠣᠷᠢᠭ ᠲᠠᠢ ᠦᠨᠳᠦᠰᠦᠲᠡᠨ ᠮᠥᠨ᠃ ᠳᠤᠮᠳᠠᠳᠤ ᠤᠯᠤᠰ ᠤᠨ ᠠᠷᠠᠳ ᠲᠦᠮᠡᠨ | ᠶᠡᠷᠦ ᠠᠴᠠ ᠪᠤᠰᠤᠳ ᠤᠯᠤᠰ ᠤᠨ ᠠᠷᠠᠳ ᠲᠦᠮᠡᠨ ᠢ ᠲᠤᠷᠤᠮᠵᠢᠯᠠᠵᠤ᠂ ᠳᠠᠷᠤᠯᠠᠵᠤ᠂ ᠪᠣᠭᠤᠯᠴᠢᠯᠠᠵᠤ ᠥᠩᠭᠡᠷᠡᠭᠰᠡᠨ ᠦᠭᠡᠢ᠂ | ᠦᠩᠭᠡᠷᠡᠭᠰᠡᠨ ᠳᠤ ᠪᠠᠶᠢᠬᠤ ᠦᠭᠡᠢ᠂ ᠤᠳᠤ ᠴᠤ ᠪᠠᠶᠢᠬᠤ ᠦᠭᠡᠢ᠂ ᠢᠷᠡᠭᠡᠳᠦᠢ ᠳᠤ ᠴᠦ ᠪᠠᠶᠢᠬᠤ ᠦᠭᠡᠢ ᠶᠤᠮ᠃ ᠡᠭᠦᠨ ᠤ | ᠬᠠᠮᠲᠤ᠂ ᠳᠤᠮᠳᠠᠳᠤ ᠤᠯᠤᠰ ᠤᠨ ᠠᠷᠠᠳ ᠲᠦᠮᠡᠨ ᠪᠠᠰᠠ ᠶᠠᠮᠠᠷᠪᠠ ᠭᠠᠳᠠᠭᠠᠳᠤ ᠶᠢᠨ ᠬᠦᠴᠦᠨ ᠤ ᠪᠢᠳᠡᠨ ᠢ ᠲᠤᠷᠤᠮᠵᠢᠯᠠᠵᠤ᠂ | ᠳᠠᠷᠤᠯᠠᠵᠤ᠂ ᠪᠣᠭᠤᠯᠴᠢᠯᠠᠬᠤ ᠶᠢ ᠤᠬᠳᠤ ᠵᠥᠪᠰᠢᠶᠡᠷᠡᠬᠦ ᠦᠭᠡᠢ᠂ ᠬᠡᠨ ᠢᠩᠭᠢᠵᠦ ᠬᠢᠬᠦ ᠪᠠᠷ ᠭᠤᠷᠢᠳᠠᠪᠠᠯ᠂ 14 | ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠢᠰᠤ ᠮᠢᠬ᠎ᠠ ᠪᠠᠷ ᠢᠶᠠᠨ ᠴᠣᠭᠴᠠᠯᠠᠭᠰᠠᠨ ᠪᠤᠯᠤᠳ ᠲᠡᠮᠤᠷ | ᠮᠠᠳᠤ ᠤᠷᠳᠤ ᠴᠠᠭᠠᠨ ᠬᠡᠷᠡᠮ ᠤᠨ ᠡᠮᠦᠨ᠎ᠡ ᠲᠤᠬᠤ ᠲᠤᠯᠤᠭᠠᠢ ᠪᠠᠨ ᠬᠠᠭᠠᠷᠠᠳᠠᠯ᠎ᠠ ᠴᠤᠬᠢᠭᠳᠠᠬᠤ ᠨᠢ ᠯᠠᠪᠲᠠᠢ ᠶᠤᠮ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠮᠠᠰᠢ ᠤᠯᠠᠨ ᠰᠢᠨ᠎ᠡ ᠲᠡᠦᠬᠡᠨ | ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠬᠦ ᠬᠡᠷᠡᠭᠲᠡᠢ᠃ ᠵᠣᠷᠢᠭᠲᠠᠢ ᠪᠠᠷ ᠲᠡᠮᠡᠴᠡᠯ ᠬᠢᠵᠦ᠂ ᠵᠣᠷᠢᠭᠲᠠᠢ ᠪᠠᠷ ᠢᠯᠠᠯᠲᠠ | ᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠠᠭᠳᠠᠰᠢ ᠦᠭᠡᠢ ᠬᠦᠴᠦᠷᠬᠡᠭ ᠶᠡᠭᠡ ᠤᠶᠤᠨ ᠰᠠᠨᠠᠭᠠᠨ ᠤ | ᠬᠦᠴᠦᠨ ᠮᠥᠨ᠃ ᠠᠭᠤᠤ ᠶᠡᠭᠡ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠠᠮᠢ ᠴᠦᠯᠡᠨ ᠲᠡᠮᠡᠴᠡᠵᠤ᠂ ᠴᠥᠬᠦᠷᠡᠰᠢ ᠦᠭᠡᠢ | ᠲᠡᠮᠡᠴᠡᠬᠦ ᠬᠡᠷᠡᠭᠲᠡᠢ᠃ ᠥᠨᠥᠳᠦᠷ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠣᠶᠢᠷᠠᠳᠴᠤ᠂ ᠡᠨᠡ ᠬᠦ ᠬᠠᠷᠠᠯᠳᠠ ᠶᠢ ᠪᠡᠶᠡᠯᠡᠭᠦᠯᠬᠦ | ᠢᠲᠡᠭᠡᠯ ᠪᠠ ᠴᠢᠳᠠᠪᠤᠷᠢ ᠲᠡᠤᠬᠡ ᠶᠢᠨ ᠠᠯᠢ ᠴᠦ ᠦᠶ᠎ᠡ ᠠᠴᠠ ᠢᠯᠡᠭᠦᠦ ᠴᠢᠩᠭᠠᠷᠠᠵᠠᠢ᠂ ᠡᠭᠦᠨ ᠤ ᠬᠠᠮᠲᠤ ᠡᠷᠬᠡᠪᠰᠢ ᠨᠡᠩ | ᠬᠦᠴᠢᠷ ᠪᠡᠷᠬᠡᠰᠢᠶᠡᠯ ᠲᠠᠢ᠂ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ | ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠦᠯᠦ ᠮᠠᠷᠳᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ | ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ | ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ ᠪᠣᠯᠤᠭᠰᠠᠨ ᠰᠢᠨ᠎ᠡ ᠣᠨᠴᠠᠯᠢᠭ ᠰᠢᠨ᠎ᠡ | ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠤᠯᠠᠨ ᠤᠯᠤᠰ ᠤᠨ ᠣᠷᠴᠢᠨ ᠲᠤᠭᠤᠷᠢᠨ ᠠᠴᠠ ᠪᠣᠯᠤᠭᠰᠠᠨ | ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ ᠭᠦᠨᠵᠡᠭᠡᠢ ᠲᠠᠨᠢᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ | ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠠᠯᠢᠪᠠ ᠠᠶᠤᠯ ᠲᠦᠭᠰᠢᠭᠦᠷᠢ | ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠶᠢᠨ ᠬᠥᠪᠡᠭᠦᠳ | ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠬᠡᠷᠡᠭᠲᠡᠢ᠃ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠨᠢᠭᠡᠳᠦᠮᠡᠯ ᠹᠷᠣᠨᠲ ᠢ ᠴᠢᠬᠤᠯᠠ ᠪᠠᠶᠢᠷᠢᠨ ᠳᠤ ᠲᠠᠯᠪᠢᠵᠤ᠂ ᠬᠠᠮᠤᠭ ᠤᠨ | ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ ᠪᠣᠯᠬᠤ ᠬᠦᠴᠦᠨ | ᠪᠦᠬᠦᠨ ᠲᠠᠢ ᠪᠦᠯᠬᠦᠮᠳᠡᠵᠦ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠬᠠᠮᠲᠤ ᠪᠠᠷ | ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠠ ᠪᠠᠷ ᠨᠢᠭᠲᠠᠷᠠᠭᠤᠯᠪᠠ᠃ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠤᠨ ᠳᠣᠲᠣᠭᠠᠳᠤ ᠭᠠᠳᠠᠭᠠᠳᠤ ᠳᠠᠬᠢ ᠪᠦᠬᠦ ᠳᠤᠮᠳᠠᠳᠤ ᠶᠢᠨ | ᠬᠥᠪᠡᠭᠦᠳ ᠥᠬᠢᠳ ᠢ ᠪᠦᠯᠬᠦᠮᠳᠡᠭᠦᠯᠦᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠴᠢᠬᠤᠯᠠ ᠡᠷᠳᠡᠨᠢ ᠮᠥᠨ᠃ | ᠰᠢᠨ᠎ᠡ ᠠᠶᠠᠨ ᠳᠠᠭᠠᠨ᠂ ᠪᠢᠳᠠ ᠡᠷᠬᠡᠪᠰᠢ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠨᠢᠭᠡᠳᠦᠯᠲᠦ | ᠴᠢᠨᠠᠷ ᠪᠣᠯᠤᠨ ᠤᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠪᠠᠷ ᠬᠦᠲᠦᠯᠦᠨ | ᠲᠠᠭᠠᠭᠤᠯᠬᠤ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠡᠯᠡᠬᠡᠢ ᠳ᠋ᠠᠬᠢᠨ ᠤ | ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ | ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠢᠵᠢᠯᠢ ᠲᠥᠪᠳᠤ ᠲᠣᠭᠤᠷᠢᠭ ᠢ ᠵᠢᠷᠤᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ | ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠶᠡᠭᠡ | ᠬᠦᠴᠦᠨ ᠢ ᠨᠢᠭᠲᠠᠷᠠᠭᠤᠯᠬᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠦᠷᠦ ᠶᠢᠨ ᠨᠠᠮ ᠠᠴᠠ | ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠃ ᠮᠠᠨ ᠤ ᠨᠠᠮ ᠵᠠᠭᠤᠨ ᠪᠡᠷᠬᠡ ᠮᠢᠩᠭᠠᠨ ᠪᠠᠷᠳᠠᠭ᠎ᠠ ᠶᠢ ᠲᠠᠪᠠᠭᠰᠠᠨ ᠴᠤ ᠴᠤᠭ | ᠰᠦᠯᠳᠡ ᠪᠠᠳᠠᠷᠠᠩᠭᠤᠢ ᠪᠠᠶᠢᠳᠠᠭ ᠤᠨ ᠨᠢᠭᠡᠨ ᠮᠠᠰᠢ ᠴᠢᠬᠤᠯᠠ ᠰᠢᠯᠲᠠᠭᠠᠨ ᠪᠣᠯ ᠪᠢᠳᠡ ᠨᠠᠮ ᠨᠢ ᠨᠠᠮ ᠢ ᠬᠠᠮᠢᠶᠠᠷᠴᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ ᠲᠤᠰ ᠪᠡᠶ᠎ᠡ ᠶᠢᠨ ᠢᠶᠠᠨ ᠡᠯ᠎ᠡ ᠲᠡᠦᠬᠡᠨ ᠴᠠᠭ ᠦᠶ᠎ᠡ ᠳᠤ | ᠲᠤᠯᠭᠠᠷᠠᠭᠰᠠᠨ ᠠᠶᠤᠯ ᠲᠦᠭᠰᠢᠭᠦᠷᠢ ᠪᠠ ᠰᠢᠯᠭᠠᠯᠲᠠ ᠶᠢ ᠲᠠᠰᠤᠷᠠᠯᠲᠠ ᠦᠭᠡᠢ ᠰᠠᠶᠢᠲᠤᠷ ᠠᠷᠭᠠᠴᠠᠭᠠᠵᠤ᠂ ᠮᠠᠨ ᠤ ᠨᠠᠮ ᠤᠨ | ᠳᠡᠯᠡᠬᠡᠢ ᠶᠢᠨ ᠪᠠᠶᠢᠳᠠᠯ ᠳᠤ ᠭᠦᠨᠵᠡᠭᠡᠢ ᠬᠤᠪᠢᠷᠠᠯᠲᠠ ᠭᠠᠷᠴᠤ ᠪᠠᠶᠢᠭ᠎ᠠ ᠲᠡᠦᠬᠡᠨ ᠠᠬᠢᠴᠠ ᠳᠤᠮᠳᠠ ᠢᠮᠠᠭᠲᠠ ᠴᠠᠭ | ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ | ᠲᠦᠭᠰᠢᠭᠦᠷᠢ ᠪᠠ ᠥᠷᠢᠰᠥᠯᠳᠦᠭᠡᠨ ᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠬᠦ ᠤᠯᠤᠰ ᠤᠨ ᠠᠷᠠᠳ | ᠲᠦᠮᠡᠨ ᠤ ᠲᠦᠰᠢᠭ ᠲᠤᠯᠭᠠᠭᠤᠷᠢ ᠪᠣᠯᠬᠤ ᠶᠢ ᠦᠨᠡᠨ ᠬᠦ ᠪᠠᠲᠤᠯᠠᠭᠰᠠᠨ ᠳᠤ ᠪᠠᠶᠢᠨ᠎ᠠ︕ | ᠰᠢᠨ᠎ᠡ ᠠᠶᠠᠨ ᠳᠠᠭᠠᠨ᠂ ᠪᠢᠳᠡ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠶ ᠭᠡᠬᠦ | ᠶᠣᠰᠣ ᠤᠴᠢᠷ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ ᠵᠤᠬᠰᠤᠰᠢ ᠦᠭᠡᠶ | ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠲᠠ ᠦᠭᠡᠶ | ᠨᠢᠭᠲᠠᠷᠠᠭᠤᠯᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠺᠠᠳ᠋ᠷᠴᠤᠳ ᠤᠨ ᠡᠩᠨᠡᠭᠡ ᠶᠢ | ᠬᠦᠴᠦᠯᠡᠨ ᠪᠠᠶᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠶ ᠪᠠᠷ ᠠᠬᠢᠭᠤᠯᠵᠤ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ | ᠠᠯᠢᠪᠠ ᠬᠦᠴᠦᠨ ᠵᠦᠢᠯ ᠢ ᠡᠷᠡᠰ ᠠᠷᠢᠯᠭᠠᠵᠤ᠂ ᠨᠠᠮ ᠤᠨ ᠡᠷᠡᠭᠦᠯ ᠴᠣᠭᠴᠠ ᠶᠢ ᠬᠤᠣᠷᠳᠠᠭᠤᠯᠬᠤ ᠠᠯᠢᠪᠠ ᠸᠢᠷᠦ᠋ᠰ ᠢ | ᠠᠷᠢᠯᠭᠠᠵᠤ᠂ ᠨᠠᠮ ᠤᠨ ᠴᠢᠨᠠᠷ ᠬᠤᠪᠢᠷᠠᠬᠤ ᠦᠭᠡᠢ᠂ ᠦᠡᠭᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ | ᠪᠠᠶᠢᠬᠤ ᠶᠢ ᠪᠠᠲᠤᠯᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ | ᠪᠠᠲᠤᠯᠠᠬᠤ ᠬᠡᠷᠡᠭᠲᠡᠢ︕ | ᠨᠥᠬᠦᠳ ᠡ᠂ ᠨᠠᠶᠢᠵᠠ ᠨᠠᠷ ᠡ︕ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ | ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ | ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ ᠠᠴᠠ ᠰᠢᠶᠠᠩᠭᠠᠩ᠂ ᠣᠣᠮᠧᠨ ᠵᠠᠰᠠᠭ ᠵᠠᠬᠢᠷᠭᠠᠨ ᠤ ᠣᠨᠴᠠᠭᠠᠶ | ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ | ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠠ ᠭᠦᠢᠴᠡᠳᠬᠡᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ | ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠰᠢᠶᠠᠩᠭᠠᠩ᠂ | ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠳᠡᠢ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠤᠶᠢᠪᠢᠰᠢ ᠦᠭᠡᠢ ᠲᠡᠦᠬᠡᠨ ᠡᠭᠦᠷᠭᠡ ᠮᠥᠨ᠂ ᠪᠦᠬᠦ ᠳᠤᠮᠳᠠᠳᠤ ᠶᠢᠨ ᠬᠥᠪᠡᠭᠦᠳ | ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ | ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠠᠬᠢᠭᠤᠯᠬᠤ ᠬᠡᠷᠡᠭᠲᠡᠶ᠃ ᠲᠠᠶᠢᠸᠠᠨ ᠬᠤᠭᠤᠯᠠᠶ ᠶᠢᠨ ᠬᠤᠶᠠᠷ ᠬᠦᠪᠡᠬᠡᠨ ᠤ ᠠᠬ᠎ᠠ ᠳᠡᠭᠦᠦ ᠨᠡᠷ ᠢ ᠪᠠᠭᠲᠠᠭᠠᠭᠰᠠᠨ ᠪᠤᠢ ᠪᠦᠬᠦᠢ | ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠠᠯᠢᠪᠠ ᠭᠤᠷᠢᠳᠠᠯᠭ᠎ᠠ ᠶᠢ ᠡᠷᠡᠰ ᠪᠤᠳᠠ ᠨᠢᠷᠭᠡᠵᠦ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃ ᠶᠠᠮᠠᠷᠴᠤ ᠬᠥᠮᠦᠨ | ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠣᠷᠣᠨ ᠤ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠭᠡ ᠴᠢᠳᠠᠪᠤᠷᠢ ᠶᠢ ᠪᠠᠰᠤᠮᠵᠢᠯᠠᠵᠤ ᠪᠣᠯᠬᠤ | ᠦᠭᠡᠢ︕ | ᠨᠥᠬᠦᠳ ᠡ᠂ ᠨᠠᠶᠢᠵᠠ ᠨᠠᠷ ᠡ︕ | ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠶᠡ᠃ ᠵᠠᠭᠤᠨ | ᠵᠢᠯ ᠤᠨ ᠡᠮᠦᠨ᠎ᠡ᠂ ᠨᠢᠭᠡ ᠪᠦᠯᠦᠭ ᠰᠢᠨ᠎ᠡ ᠵᠠᠯᠠᠭᠤᠴᠤᠳ ᠮᠠᠷᠺᠰ ᠤᠨ ᠦᠵᠡᠯ ᠤᠨ ᠦᠵᠡᠯ ᠰᠠᠨᠠᠭᠠᠨ ᠤ ᠭᠠᠯ ᠪᠠᠮᠪᠠᠷ ᠢ | ᠥᠨᠳᠥᠷ ᠮᠠᠨᠳᠤᠭᠤᠯᠵᠤ᠂ ᠰᠠᠯᠬᠢᠨ ᠪᠤᠷᠤᠭᠠᠨᠳᠤ ᠬᠠᠷᠠᠩᠭᠤᠢ ᠪᠦᠷᠦᠩᠭᠦᠢ ᠳᠤᠮᠳᠠᠳᠤ ᠤᠯᠤᠰ ᠲᠤ ᠨᠢᠬᠡ ᠯᠡ ᠰᠡᠳᠬᠢᠯ ᠢᠶᠠᠷ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠡᠭᠡᠳᠦᠢ ᠶᠢ ᠡᠷᠢᠯᠬᠢᠯᠡᠪᠡ᠃ ᠵᠠᠭᠤᠨ ᠵᠢᠯ ᠤᠨ ᠲᠤᠷᠰᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠤᠭ ᠤᠨ ᠳᠣᠣᠷ᠎ᠠ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠵᠠᠯᠠᠭᠤ | ᠨᠠᠰᠤᠨ ᠤ ᠲᠡᠮᠡᠴᠡᠯ ᠢᠶᠠᠨ ᠨᠠᠮ ᠪᠠ ᠠᠷᠠᠳ ᠲᠦᠮᠡᠨ ᠤ ᠦᠢᠯᠡᠰ ᠲᠤ ᠠᠭᠤᠰᠬᠠᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠤᠰᠢᠭᠤᠴᠢ ᠬᠦᠴᠦᠨ ᠪᠣᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠤᠯᠤᠬᠰᠠᠨ ᠤ ᠡᠷᠴᠢ ᠵᠣᠷᠢᠭ᠂ | ᠰᠥᠰᠥ ᠵᠣᠷᠢᠭ᠂ ᠢᠳᠡᠬᠡᠯ ᠵᠤᠷᠢᠬ ᠢᠶᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠽᠠᠨᠳᠠᠨ ᠨᠠᠰᠤ | ᠰᠠᠶᠢᠬᠠᠨ ᠴᠠᠬ ᠶᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ | ᠦᠭᠡᠢ ᠪᠠᠶᠢᠬᠤ ᠬᠡᠷᠡᠭᠲᠡᠢ︕ | ᠨᠥᠬᠦᠳ ᠡ᠂ ᠨᠠᠶᠢᠵᠠ ᠨᠠᠷ ᠡ︕ | ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠬᠤ ᠦᠶ᠎ᠡ ᠳᠤ 50 | ᠭᠠᠷᠦ᠋ᠢᠬᠠᠨ ᠨᠠᠮ ᠤᠨ ᠭᠡᠰᠢᠭᠦᠨ ᠲᠠᠢ ᠪᠠᠶᠢᠪᠠ᠂ ᠥᠨᠥᠳᠦᠷ ᠨᠢᠭᠡᠨᠲᠡ 9500 ᠭᠠᠷᠤᠢ ᠲᠦᠮᠡᠨ ᠨᠠᠮ ᠤᠨ ᠭᠡᠰᠢᠭᠦᠨ ᠲᠠᠢ᠂ | 14 ᠳ᠋ᠦᠩᠰᠢᠭᠤᠷ ᠭᠠᠷᠤᠢ ᠬᠥᠮᠦᠨ ᠠᠮᠠ ᠲᠠᠢ ᠲᠤᠮᠤ ᠤᠯᠤᠰ ᠢ ᠤᠳᠤᠷᠢᠳᠤᠭᠰᠠᠨ᠂ ᠪᠦᠬᠦ ᠳᠡᠯᠡᠬᠡᠢ ᠶᠢᠨ ᠴᠢᠬᠤᠯᠠ ᠶᠡᠭᠡ | ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠨᠢᠭᠡᠳᠦᠭᠡᠷ ᠲᠤᠮᠤ ᠲᠦᠷᠦ ᠪᠠᠷᠢᠭᠴᠢ ᠨᠠᠮ ᠪᠣᠯᠵᠠᠢ᠃ | ᠵᠠᠭᠤᠨ ᠵᠢᠯ ᠤᠨ ᠡᠮᠦᠨ᠎ᠡ᠂ ᠳᠡᠯᠡᠬᠡᠶ ᠳ᠋ᠠᠬᠢᠨ ᠤ ᠬᠠᠷᠠᠭᠠᠨ ᠳᠤ ᠢᠯᠡᠷᠡᠭᠰᠡᠨ ᠲᠤᠮᠳᠠᠳᠤ ᠶᠢᠨ ᠦᠨᠳᠦᠰᠦᠳᠡᠨ ᠤ | ᠲᠦᠷᠢ ᠲᠦᠷᠬᠦ ᠨᠢ ᠲᠡᠶᠢᠮᠦ ᠯᠡ ᠦᠭᠡᠳᠡ ᠦᠭᠡᠢ ᠪᠠᠶᠢᠯ᠎ᠠ᠃ ᠥᠨᠥᠳᠦᠷ᠂ ᠳᠤᠮᠳᠠᠳᠤ ᠶᠢᠨ ᠦᠨᠳᠦᠰᠦᠲᠡᠨ ᠳᠡᠯᠡᠬᠡᠢ | ᠳ᠋ᠠᠬᠢᠨ ᠳᠤ ᠬᠥᠭᠵᠢᠨ ᠴᠡᠴᠡᠭᠯᠡᠭᠰᠡᠨ ᠪᠠᠶᠢᠳᠠᠯ ᠢ ᠢᠯᠡᠷᠡᠭᠦᠯᠵᠦ᠂ ᠬᠤᠷᠢᠬᠯᠠᠬᠳᠠᠰᠢ ᠦᠭᠡᠢ ᠠᠯᠬᠤᠭ᠎ᠠ ᠪᠠᠷ ᠠᠭᠤᠤ ᠶᠡᠭᠡ | ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃ | ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠡᠭᠡᠨ᠂ | ᠲᠡᠦᠬᠡᠨ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ | ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠮᠤᠷᠳᠠᠯ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠡ︕ ᠨᠠᠮ ᠤᠨ ᠲᠦᠪ ᠬᠤᠷᠢᠶ᠎ᠠ ᠠᠴᠠ ᠲᠡ | ᠨᠡᠷ ᠢ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ | ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ ᠬᠦᠴᠦ ᠪᠠᠨ | ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ | ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ | ᠴᠢᠷᠮᠠᠶᠢᠰᠤᠭᠠᠢ ᠭᠡᠵᠦ ᠤᠷᠢᠶᠠᠯᠠᠵᠤ ᠪᠠᠶᠢᠨ᠎ᠠ︕ | ᠨᠥᠬᠦᠳ ᠡ᠂ ᠨᠠᠶᠢᠵᠠ ᠨᠠᠷ ᠡ︕ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠭᠤᠤ | ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ | ᠮᠦᠨ︕ ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ | ᠪᠦᠯᠬᠦᠮᠳᠡᠯ ᠪᠠᠶᠢᠬᠰᠠᠨ ᠬᠤᠶᠢᠨ᠎ᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ︕ | ᠠᠭᠤᠤ ᠶᠡᠭᠡ᠂ ᠢᠷᠠᠭᠤ ᠠᠯᠳᠠᠷ ᠲᠠᠢ᠂ ᠵᠥᠪ ᠣᠨᠣᠪᠴᠢᠲᠠᠶ ᠳᠤᠮᠳᠠᠳᠤ ᠤᠯᠤᠰ ᠤᠨ ᠡᠪ ᠬᠠᠮᠲᠤ ᠨᠠᠮ | ᠮᠠᠨᠳᠤᠲᠤᠭᠠᠶ︕ | ᠠᠭᠤᠤ ᠶᠡᠭᠡ᠂ ᠢᠷᠠᠭᠤ ᠠᠯᠳᠠᠷ ᠲᠠᠢ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ | ᠮᠠᠨᠳᠤᠲᠤᠭᠠᠶ︕ | |