| | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ | ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ | ᠴᠢᠬᠤᠯᠠᠴᠢᠯᠠᠬᠰᠠᠨ ᠨᠢ | ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ ᠡᠪ | ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠤᠭ | ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ | ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ | ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ | ᠳᠤᠮᠳᠠ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ | ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠪᠠ᠃ ᠲᠡᠦᠬᠡ ᠶᠢᠨ ᠤᠷᠤᠰᠬᠠᠯ ᠲᠠᠰᠤᠷᠠᠰᠢ ᠦᠭᠡᠢ᠂ ᠵᠣᠷᠢᠭ | ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ | ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ | ᠰᠠᠨᠠᠭ᠎ᠠ ᠶᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ | ᠸᠠᠩ ᠴᠢ ᠱᠠᠨ ᠬᠤ᠋ ᠶᠢᠨ ᠲᠤᠤ ᠣᠷᠣᠯᠴᠠᠵᠠᠢ | ᠵᠠᠭᠤᠨ ᠵᠢᠯ ᠤᠨ ᠠᠶᠠᠨ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠤᠬ ᠰᠠᠨᠠᠭ᠎ᠠ ᠶᠠᠪᠤᠬᠤ ᠲᠤᠳᠤᠮ | ᠪᠠᠬᠢᠵᠢᠪᠡ᠃ 7 ᠰᠠᠷ᠎ᠠ ᠶᠢᠨ 1 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ | ᠶᠡᠭᠡ ᠪᠠᠷ ᠶᠠᠪᠤᠭᠳᠠᠵᠤ᠂ ᠡᠯ᠎ᠡ ᠡᠲᠡᠭᠡᠳ ᠤᠨ ᠲᠥᠯᠥᠭᠡᠯᠡᠭᠴᠢ 7 ᠲᠦᠮᠡ ᠭᠠᠷᠤᠶ ᠬᠥᠮᠦᠨ ᠦᠪᠡᠳᠡᠭᠰᠢ ᠶᠡᠭᠡ ᠶᠣᠰᠣᠯᠠᠯ ᠢᠶᠠᠷ | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ ᠤᠨ ᠣᠶ ᠶᠢ ᠪᠠᠶᠠᠷᠯᠠᠨ ᠪᠡᠯᠭᠡᠯᠡᠪᠡ᠃ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳ ᠲᠦᠮᠡᠨ ᠳᠤ᠂ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ | ᠰᠢᠯᠭᠠᠯᠲᠠ ᠶᠢᠨ ᠠᠶᠠᠨ ᠳᠤ ᠳᠠᠬᠢᠨ ᠮᠤᠷᠳᠠᠯ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ | ᠦᠨᠳᠦᠰᠦᠲᠡᠨ ᠤ ᠮᠢᠩᠭᠠᠨ ᠤᠨ ᠤ ᠠᠭᠤᠤ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ | ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ ᠮᠦᠨ᠃ ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ ᠪᠦᠯᠬᠦᠮᠳᠡᠯ ᠪᠠᠶᠢᠬᠰᠠᠨ ᠴᠠᠭ ᠲᠤ᠂ ᠨᠡᠶᠢᠭᠡᠮ ᠵᠢᠷᠤᠮᠳᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ | ᠬᠡᠵᠥ ᠴᠢᠬᠤᠯᠠᠴᠢᠯᠠᠪᠠ᠃ | ᠰᠢ ᠶᠢᠨ ᠫᠢᠩ ᠨᠠᠮ ᠪᠣᠯᠤᠨ ᠠᠷᠠᠳ ᠲᠦᠮᠡᠨ ᠢ ᠲᠦᠯᠦᠭᠡᠯᠡᠨ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ | ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ᠃ ᠡᠨᠡ ᠪᠣᠯ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ ᠤᠯᠤᠰ ᠤᠨ ᠠᠷᠠᠳ | ᠲᠦᠮᠡᠨ ᠤ ᠠᠭᠤᠤ ᠶᠡᠭᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ | ᠢᠷᠠᠭᠤ ᠠᠯᠳᠠᠷ ᠮᠥᠨ ᠭᠡᠵᠦ ᠲᠥᠪ ᠴᠢᠩᠭ᠎ᠠ ᠪᠠᠷ ᠲᠤᠩᠬᠠᠭᠯᠠᠪᠠ᠃ | ᠨᠠᠮ ᠤᠨ ᠲᠥᠪ ᠬᠤᠷᠢᠶᠠᠨ ᠤ ᠤᠯᠣᠰ ᠳᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ | ᠪᠡᠯᠬᠡᠯᠡᠬᠦ ᠶᠡᠭᠡ ᠬᠤᠷᠠᠯ ᠢ ᠡᠷᠬᠢᠯᠡᠪᠡ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ | ᠸᠠᠩ ᠴᠢ ᠱᠠᠨ ᠣᠷᠣᠯᠴᠠᠪᠠ᠃ | ᠬᠤᠪᠢᠯᠭᠠᠨ ᠣᠷᠣᠨ ᠤ ᠡᠬᠡ ᠭᠠᠵᠠᠷ ᠴᠡᠴᠡᠭᠯᠡᠨ ᠬᠥᠭᠵᠢᠵᠦ᠂ ᠲᠦᠮᠡᠨ ᠦᠵᠡᠮᠵᠢ ᠪᠦᠷᠢᠳᠦᠨ᠂ ᠨᠡᠶᠢᠰᠯᠡᠯ | ᠪᠡᠭᠡᠵᠢᠩ ᠳᠤ ᠬᠤᠸᠠᠷ ᠴᠡᠴᠡᠭ ᠮᠢᠷᠠᠯᠵᠠᠨ ᠳᠡᠯᠭᠡᠷᠡᠵᠥ ᠳᠤᠬ ᠳᠠᠯᠪᠠᠭ᠎ᠠ ᠨᠠᠮᠢᠷᠠᠨ᠎ᠠ᠃ ᠠᠭᠤᠤ ᠶᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠤᠢᠢᠷ᠎ᠠ ᠦᠶ᠎ᠡ ᠠᠴᠠ ᠨᠠᠭᠠᠰᠢ ᠤᠷᠳᠤ ᠬᠤᠭᠤᠴᠠᠭ᠎ᠠ ᠪᠠᠷ ᠬᠠᠯᠠ | ᠵᠣᠪᠠᠯᠠᠩ ᠠᠮᠰᠠᠭᠰᠠᠨ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ | ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ | ᠲᠦᠮᠡᠨ ᠴᠤᠬ ᠵᠤᠯᠢ ᠪᠠᠳᠠᠷᠠᠩᠭᠤᠢ ᠪᠠᠷ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ | ᠦᠶ᠎ᠡ ᠶᠢᠨ ᠰᠦᠷ ᠵᠢᠪᠬᠤᠯᠠᠩᠲᠤ ᠠᠶᠠᠨ ᠵᠠᠮ ᠢᠶᠠᠷ ᠵᠠᠮᠨᠠᠪᠠ᠃ | ᠲᠢᠶᠠᠨ ᠠᠨ ᠮᠧᠨ ᠠᠰᠠᠷ ᠳᠦᠪ ᠶᠡᠬᠡᠮᠰᠦᠭ ᠰᠦᠷ ᠵᠢᠪᠬᠤᠯᠠᠩᠲᠠᠶ ᠪᠠᠶᠢᠵᠥ᠂ ᠠᠰᠠᠷ ᠤᠨ ᠤᠯᠠᠭᠠᠨ ᠬᠡᠷᠡᠮ ᠤᠨ | ᠲᠦᠪ ᠳᠤᠮᠳᠠ ᠮᠠᠤ ᠽᠧ ᠳ᠋ᠦᠩ ᠤᠨ ᠪᠤᠳᠤᠭᠳᠤ ᠲᠣᠮᠣ ᠵᠢᠷᠤᠮᠡᠯ ᠬᠥᠷᠥᠭ ᠢ ᠡᠯᠭᠦᠵᠡᠶ᠃ ᠲᠢᠶᠠᠨ ᠠᠨ ᠮᠧᠨ ᠠᠭᠤᠳᠠᠮ | ᠲᠠᠯᠠᠪᠠᠢ ᠳᠤ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠨ᠎ᠡ᠃ ᠳᠤᠷᠠᠰᠬᠠᠯ ᠤᠨ | ᠬᠥᠰᠢᠶ᠎ᠡ ᠶᠢᠨ ᠬᠤᠶᠢᠲᠤ ᠲᠠᠯ᠎ᠠ ᠳᠤ᠂ 7.1 ᠮᠧᠲᠷ ᠥᠨᠳᠥᠷ᠂ 7.1 ᠮᠧᠲᠷ ᠥᠷᠭᠡᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠠᠮ ᠤᠨ ᠰᠦᠯᠳᠡ ᠪᠣᠯᠤᠨ ︽1921︾ ︽2021︾ ᠭᠡᠬᠦ ᠳᠡᠮᠳᠡᠭ ᠦᠰᠦᠭ ᠣᠨᠴᠠ ᠶᠢᠨ ᠢᠯᠡ ᠲᠠᠢ | ᠬᠠᠷᠠᠭᠳᠠᠨ᠎ᠠ᠃ ᠠᠭᠤᠳᠠᠮ ᠲᠠᠯᠠᠪᠠᠢ ᠶᠢᠨ ᠵᠡᠭᠦᠨ ᠪᠠᠷᠠᠭᠤᠨ ᠬᠤᠶᠠᠷ ᠲᠠᠯ᠎ᠠ ᠳᠤ᠂ 100 ᠤᠯᠠᠭᠠᠨ ᠲᠤᠭ ᠰᠠᠯᠬᠢᠨ ᠤ | ᠠᠶ᠎ᠠ ᠪᠠᠷ ᠨᠠᠮᠢᠷᠠᠨ᠎ᠠ᠃ | ᠣᠭᠲᠠᠷᠭᠤᠢ ᠠᠴᠠ ᠪᠠᠷᠠᠯᠠᠬᠤᠶ᠎ᠠ᠂ ᠲᠢᠶᠠᠨ ᠠᠨ ᠮᠧᠨ ᠠᠭᠤᠳᠠᠮ ᠲᠠᠯᠠᠪᠠᠢ ᠶᠢᠨ ︽ᠲᠤᠮᠤ ᠬᠥᠯᠭᠡ ᠤᠩᠭᠤᠴᠠ | ᠠᠶᠠᠯᠠᠯ ᠢᠶᠠᠨ ᠡᠬᠢᠯᠡᠭᠦᠯᠤᠯ᠎ᠠ︾ ᠭᠡᠬᠦ ᠳᠦᠷᠰᠦ ᠪᠦᠲᠦᠭᠡᠯᠲᠡ ᠠᠤᠭ᠎ᠠ ᠰᠦᠷᠯᠢᠭ ᠬᠠᠷᠠᠬᠳᠠᠵᠤ᠂ ᠶᠠᠭ ᠰᠠᠯᠬᠢ ᠳᠠᠪᠠᠯᠭᠠᠨ ᠢ | ᠵᠦᠰᠦᠨ ᠳᠠᠷᠪᠠᠭᠤᠯ ᠬᠡᠶᠢᠰᠬᠡᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠭᠡᠷᠡᠯ ᠰᠠᠴᠤᠷᠠᠩᠭᠤᠢ ᠢᠷᠡᠭᠡᠳᠦᠢ ᠵᠦᠭ ᠤᠷᠤᠭᠰᠢᠯᠠᠨ᠎ᠠ᠃ | ︽ᠨᠤᠳᠤᠭ ᠤᠨ ᠳᠠᠭᠤᠤ ᠪᠠᠨ ᠨᠠᠮ ᠳᠠᠭᠠᠨ ᠡᠷᠬᠦᠶ᠎ᠠ︾ ︽ᠰᠠᠷᠠᠭᠤᠯ ᠳᠠᠷᠳᠠᠩ ᠵᠠᠮ ᠢᠶᠠᠷ ᠤᠷᠤᠭᠰᠢᠯᠠᠨᠡᠮ︾ ︽ | ᠰᠢᠨ᠎ᠡ ᠶᠢᠷᠲᠢᠨᠴᠦ︾ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ ᠁ ᠪᠡᠯᠭᠡᠯᠡᠬᠦ ᠶᠡᠭᠡ | ᠬᠤᠷᠠᠯ ᠡᠬᠢᠯᠡᠬᠦ ᠠᠴᠠ ᠡᠮᠦᠨ᠎ᠡ᠂ ᠲᠠᠯᠠᠪᠠᠢ ᠳᠠᠶᠠᠭᠠᠷ ᠢᠶᠠᠨ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠭᠰᠠᠨ ᠰᠣᠩᠭᠤᠳᠠᠭ | ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠨᠠᠮ ᠳᠠᠭᠠᠨ ᠬᠠᠶᠢᠷᠠᠲᠠᠢ ᠪᠠᠶᠢᠬᠤ ᠰᠡᠳᠬᠢᠯᠬᠡ ᠪᠠᠨ ᠢᠯᠡᠳᠬᠡᠭᠰᠡᠨ ᠪᠠ ᠬᠦᠰᠡᠯ | ᠵᠥᠩᠨᠡᠯ ᠢᠶᠠᠨ ᠳᠡᠪᠰᠢᠭᠦᠯᠪᠡ᠃ | ᠦᠳᠡ ᠶᠢᠨ ᠡᠮᠦᠨᠡᠬᠢ 7 ᠴᠠᠭ 53 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ | ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠲᠢᠶᠠᠨ ᠠᠨ ᠮᠧᠨ ᠠᠰᠠᠷ ᠤᠨ ᠲᠡᠷᠢᠭᠦᠯᠡᠭᠴᠢ ᠶᠢᠨ | ᠲᠠᠶᠢᠰᠠᠨ ᠳᠤ ᠬᠦᠷᠴᠤ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠡᠷᠡᠯᠬᠡᠭ ᠪᠦᠷᠬᠦᠳ ᠵᠢᠬᠦᠷ ᠳᠡᠯᠭᠡᠨ ᠤᠭᠳᠠᠷᠭᠤᠢ ᠳᠤ ᠳᠡᠬᠦᠯᠢᠨᠠ᠃ 7 ᠴᠠᠭ 55 ᠮᠢᠨᠦ᠋ᠲ ᠤᠨ ᠦᠶ᠎ᠡ ᠪᠠᠷ᠂ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 71 ᠪᠠᠶᠢᠯᠳᠤᠭᠠᠨ ᠤ ᠨᠢᠰᠬᠡᠯ ᠲᠢᠶᠠᠨ ᠠᠨ ᠮᠧᠨ ᠠᠭᠤᠳᠠᠮ | ᠲᠠᠯᠠᠪᠠᠢ ᠶᠢ ᠴᠢᠭᠯᠡᠨ ᠨᠢᠰᠴᠤ᠂ ᠨᠠᠮ ᠳᠠᠭᠠᠨ ᠬᠦᠨᠳᠦᠳᠬᠡᠯ ᠳᠡᠪᠰᠢᠭᠦᠯᠵᠦ᠂ ᠡᠬᠡ ᠤᠯᠤᠰ ᠲᠠᠭᠠᠨ ᠬᠦᠨᠳᠦᠳᠬᠡᠯ | ᠳᠡᠪᠰᠢᠭᠦᠯᠵᠦ᠂ ᠠᠷᠠᠳ ᠲᠦᠮᠡᠨ ᠳᠡᠭᠡᠨ ᠬᠦᠨᠳᠦᠳᠬᠡᠯ ᠳᠡᠪᠰᠢᠭᠦᠯᠪᠡ᠃ ᠲᠤᠭ ᠬᠠᠮᠠᠭᠠᠯᠠᠬᠤ ᠠᠭᠠᠷ ᠤᠨ ᠱᠠᠲᠤᠯᠵᠢᠨ | ᠠᠩᠬᠢ ᠶᠢᠨ ᠬᠢᠨ ᠨᠢᠰᠦᠯᠲᠡ ᠶᠢᠨ ᠲᠣᠭᠯᠠᠯᠲᠠ ᠶᠢᠨ ᠬᠥᠰᠢᠭᠡ ᠶᠢ ᠰᠡᠬᠦᠵᠦ᠂ 5 ᠡᠭᠴᠡ ᠪᠤᠰᠬᠤ ᠨᠢᠰᠬᠡᠯ ᠲᠤᠰ ᠲᠤᠰ | ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠭ ᠪᠤᠯᠤᠨ ︽ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ | ᠨᠠᠮ ᠮᠠᠨᠳᠤᠲᠤᠭᠠᠢ︾ ︽ᠠᠭᠤᠤ ᠶᠡᠭᠡ ᠳᠤᠮᠳᠠᠳᠤ ᠤᠯᠤᠰ ᠤᠨ ᠠᠷᠠᠳ ᠲᠦᠮᠡᠨ ᠮᠠᠨᠳᠤᠲᠤᠭᠠᠢ︾ ︽ᠠᠭᠤᠤ ᠶᠡᠭᠡ | ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠮᠠᠨᠳᠤᠲᠤᠭᠠᠢ︾ ︽ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠶᠡᠭᠡ ᠪᠦᠯᠬᠦᠮᠳᠡᠯ ᠮᠠᠨᠳᠤᠲᠤᠭᠠᠢ︾ ᠭᠡᠮᠡᠬᠦ ᠪᠢᠴᠢᠭᠡᠰᠦ ᠶᠢ ᠡᠯᠭᠦᠵᠦ ᠠᠶᠠᠷᠬᠠᠨ ᠤᠷᠤᠭᠰᠢᠯᠠᠨ᠎ᠠ᠃ | ᠵᠠᠯᠭᠠᠭᠠᠳ᠂ ᠡᠭᠴᠡ ᠪᠤᠰᠬᠤ ᠨᠢᠰᠬᠡᠯ᠂ ᠪᠠᠶᠢᠯᠳᠤᠭᠠᠨ ᠤ ᠨᠢᠰᠬᠡᠯ ᠲᠤᠰ ᠪᠦᠷᠢ ︽100︾ ︽71︾ ᠭᠡᠬᠦ ᠦᠰᠦᠭ ᠢ | ᠪᠦᠷᠢᠯᠳᠦᠭᠦᠯᠦᠨ ᠤᠬᠳᠠᠷᠭᠤᠢ ᠪᠠᠷ ᠨᠢᠰᠤᠨ ᠦᠩᠭᠡᠷᠡᠵᠦ᠂ 15 ︽ᠰᠥᠨᠥᠭᠡᠭᠴᠢ — 20︾ ᠨᠢᠰᠬᠡᠯ 3 ᠱᠠᠲᠤᠯᠵᠢᠨ | ᠠᠩᠬᠢ ᠪᠤᠯᠵᠦ ᠱᠤᠤᠬᠢᠨ ᠥᠩᠭᠡᠷᠡᠵᠦ᠂ ᠳᠠᠰᠬᠠᠯᠵᠢᠭᠤᠯᠤᠭᠴᠢ ᠨᠢᠰᠬᠡᠯ 10 ᠵᠤᠷᠪᠤᠰ ᠰᠤᠯᠤᠩᠭᠠᠨ ᠤᠳᠤᠭ᠎ᠠ ᠲᠠᠲᠠᠭᠤᠯᠤᠨ | ᠦᠩᠬᠡᠷᠡᠨ᠎ᠡ᠂ ᠡᠳᠡᠭᠡᠷ ᠭᠤᠶᠢᠳᠠ ᠰᠠᠶᠢᠬᠠᠨ ᠲᠣᠭᠯᠠᠯᠲᠠ ᠨᠤᠭᠤᠳ ᠨᠢ ᠦᠵᠡᠭᠴᠢᠳ ᠤᠨ ᠰᠡᠳᠬᠢᠯ ᠢ ᠬᠦᠭᠵᠢᠭᠡᠵᠦ ᠪᠠᠶᠢᠯ᠎ᠠ᠃ | | ᠲᠢᠶᠠᠨ ᠠᠨ ᠮᠧᠨ ᠠᠭᠤᠳᠠᠮ ᠲᠠᠯᠠᠪᠠᠢ ᠳᠡᠭᠡᠷᠡᠬᠢ ᠲᠣᠮᠣ ᠬᠡᠯᠪᠡᠷᠢ ᠶᠢᠨ ᠡᠯᠧᠺᠲᠷᠣᠨ ᠳᠡᠯᠭᠡᠴᠡ ᠳᠤ ᠳᠡᠭᠦᠵᠢᠩ | ᠴᠠᠭ ᠤᠨ ᠵᠢᠷᠤᠭ ᠢᠯᠡᠷᠡᠪᠡ᠃ 1921᠂ 1931᠂ 1941 ᠁ 2021᠂ ᠴᠠᠭ ᠤᠨ ᠳᠡᠭᠦᠵᠢᠩ ᠢ ᠳᠠᠭᠠᠯᠳᠤᠨ | ᠣᠨ ᠤ ᠲᠤᠭ᠎ᠠ ᠲᠠᠷᠠᠭᠠᠯᠠᠨ ᠰᠤᠯᠢᠭᠳᠠᠨ᠎ᠠ᠃ 8 ᠴᠠᠭ ᠲᠤ᠂ ᠲᠤᠮᠤ ᠬᠥᠯᠭᠡ ᠣᠩᠭᠤᠴᠠ ᠶᠢᠨ ᠠᠶᠠᠯᠠᠯ ᠡᠬᠢᠯᠡᠭᠰᠡᠨ ᠢ | ᠪᠡᠯᠭᠡᠳᠡᠭᠰᠡᠨ ᠠᠭᠤᠷ ᠤᠨ ᠱᠤᠤᠭᠢᠯ ᠳᠤᠤᠭᠠᠷᠴᠤ᠂ ᠪᠡᠯᠭᠡᠯᠡᠬᠦ ᠶᠡᠭᠡ ᠬᠤᠷᠠᠯ ᠡᠬᠢᠯᠡᠭᠰᠡᠨ ᠪᠠᠶᠢᠨ᠎ᠠ᠃ | ᠪᠦᠭᠦᠳᠡᠭᠡᠷ ᠢᠶᠠᠨ ᠲᠥᠪ ᠵᠣᠭᠰᠣᠵᠤ᠂ ᠶᠣᠰᠣᠯᠠᠯ ᠤᠨ ᠫᠤᠤ 100 ᠳᠤᠤᠭᠠᠷᠴᠤ ᠠᠭᠠᠷ ᠲᠡᠭᠷᠢ ᠶᠢ ᠲᠤᠷᠭᠢᠭᠤᠯᠵᠤ᠂ | ᠤᠯᠤᠰ ᠤᠨ ᠲᠤᠭ ᠢ ᠬᠠᠮᠠᠭᠠᠯᠠᠬᠤ ᠠᠩᠬᠢ ᠶᠢᠨ ᠳᠠᠷᠤᠭ᠎ᠠ ᠪᠠᠶᠢᠯᠳᠤᠭᠴᠢᠳ ᠲᠠᠪᠤᠨ ᠣᠳᠣᠲᠤ ᠤᠯᠠᠭᠠᠨ ᠲᠤᠭ ᠢ | ᠬᠠᠮᠠᠭᠠᠯᠠᠵᠤ᠂ ᠢᠳᠡᠷᠡᠭᠦᠨ ᠠᠯᠬᠤᠭ᠎ᠠ ᠪᠠᠷ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠠᠴᠠ ᠠᠭᠤᠳᠠᠮ | ᠲᠠᠯᠠᠪᠠᠢ ᠶᠢᠨ ᠬᠤᠶᠢᠲᠤ ᠲᠠᠯ᠎ᠠ ᠶᠢᠨ ᠲᠤᠭ ᠮᠠᠨᠳᠤᠭᠤᠯᠬᠤ ᠲᠤᠭᠤᠷᠢᠭ ᠲᠤ ᠬᠦᠷᠪᠡ᠃ ᠳᠤᠮᠳᠠᠳᠤ ᠤᠯᠤᠰ ᠤᠨ ᠠᠷᠠᠳ ᠤᠨ | ᠴᠢᠯᠥᠭᠡᠯᠡᠬᠦ ᠴᠡᠷᠢᠭ ᠤᠨ ᠬᠠᠮᠲᠤᠷᠠᠭᠰᠠᠨ ᠴᠡᠷᠢᠭ ᠤᠨ ᠬᠥᠭᠵᠢᠮ ᠤᠨ ᠠᠩᠬᠢ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ | ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠷᠴᠠ ᠰᠣᠷᠭᠤᠭ ᠲᠠᠪᠤᠨ ᠣᠳᠣᠲᠤ | ᠤᠯᠠᠭᠠᠨ ᠲᠤᠭ ᠠᠯᠭᠤᠷᠬᠠᠨ ᠮᠠᠨᠳᠤᠵᠤ᠂ ᠲᠢᠶᠠᠨ ᠠᠨ ᠮᠧᠨ ᠲᠠᠯᠠᠪᠠᠢ ᠶᠢᠨ ᠣᠭᠲᠠᠷᠭᠤᠢ ᠳᠤ ᠰᠠᠯᠬᠢᠨ ᠤ ᠠᠶ᠎ᠠ ᠪᠠᠷ | ᠨᠠᠮᠢᠷᠠᠨ᠎ᠠ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ | ᠪᠤᠰᠤ ᠬᠥᠮᠦᠰ ᠬᠠᠮᠲᠤᠷᠠᠨ ᠪᠠᠶᠠᠷ ᠤᠨ ᠦᠭᠡ ᠬᠡᠯᠡᠵᠦ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠲᠥᠪ ᠬᠤᠷᠢᠶᠠᠨ ᠤ | ᠲᠡᠷᠢᠭᠦᠯᠡᠭᠴᠢ ᠸᠠᠨ ᠧ ᠰᠢᠶᠠᠩ ᠪᠠᠶᠠᠷ ᠤᠨ ᠦᠭᠡ ᠤᠩᠰᠢᠵᠤ᠂ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ — ᠠᠭᠤᠤ ᠶᠡᠭᠡ | ᠳᠤᠮᠳᠠᠳᠤ ᠤᠯᠤᠰ ᠤᠨ ᠡᠪ ᠬᠠᠮᠲᠤ ᠨᠠᠮ ᠳᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠣᠯᠤᠨ ᠬᠠᠮᠤᠭ ᠤᠨ ᠴᠢᠩ | ᠰᠡᠳᠬᠢᠯ ᠤᠨ ᠪᠠᠶᠠᠷ ᠵᠦᠩᠨᠡᠯ ᠢᠶᠠᠨ ᠳᠡᠪᠰᠢᠬᠦᠯᠪᠡ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠵᠡᠭᠡᠪᠡ᠃ | ᠡᠪ ᠬᠠᠮᠳᠤ ᠵᠠᠯᠠᠭᠤᠴᠤᠳ ᠤᠨ ᠡᠪᠯᠡᠯ ᠤᠨ ᠭᠡᠰᠢᠭᠦᠨ ᠪᠤᠯᠤᠨ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠨ ᠤ ᠲᠦᠯᠦᠭᠡᠯᠡᠭᠴᠢ ᠬᠠᠮᠳᠦ ᠪᠠᠷ ᠪᠠᠶᠠᠷ ᠤᠨ ᠦᠭᠡ ᠬᠡᠯᠡᠵᠤ᠂ ᠨᠠᠮ ᠳᠠᠭᠠᠨ ᠵᠠᠯᠠᠭᠤ ᠨᠠᠰᠤᠨ ᠤ ᠮᠠᠭᠳᠠᠭᠠᠯ | ᠳᠡᠪᠰᠢᠭᠦᠯᠵᠤ᠂ ︽ᠨᠠᠮ ᠮᠠᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢᠳᠠ ᠪᠤᠢ︾ ᠭᠡᠵᠤ | ᠪᠠᠳᠤ ᠴᠢᠩᠭ᠎ᠠ ᠪᠠᠷ ᠳᠠᠩᠭᠠᠷᠢᠭᠯᠠᠪᠠ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ | ᠡᠳᠦᠷ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠲᠡᠦᠬᠡᠨ | ᠳᠡᠭᠡᠷ᠎ᠡ ᠴᠥᠮ ᠲᠦᠢᠯ ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ ᠠᠳᠡ ᠦᠪᠡᠳᠡᠭᠰᠢ | ᠴᠤᠭᠯᠠᠭᠠᠨ ᠪᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ | ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ | ᠪᠠᠷᠠᠯᠠᠵᠤ ᠪᠠᠶᠢᠨ᠎ᠠ ᠭᠡᠵᠦ ᠢᠯᠡᠳᠭᠡᠪᠡ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠲᠤ ᠪᠠᠶᠠᠷ ᠤᠨ ᠡᠳᠦᠷ ᠤᠨ ᠬᠠᠯᠠᠭᠤᠨ ᠮᠡᠨᠳᠤᠴᠢᠯᠡᠯ ᠳᠡᠪᠰᠢᠬᠦᠯᠪᠡ᠃ | ᠰᠢ ᠶᠢᠨ ᠫᠢᠩ᠂ ᠳᠤᠮᠳᠠᠳᠤ ᠤᠯᠤᠰ ᠲᠤ ᠡᠪ ᠬᠠᠮᠲᠤ ᠨᠠᠮ ᠮᠠᠨᠳᠤᠯᠠᠪᠠ᠂ ᠡᠨᠡ ᠪᠣᠯ ᠤᠷᠢᠳ ᠡᠮᠦᠨ᠎ᠠ ᠭᠠᠷᠤᠭ᠎ᠠ | ᠦᠭᠡᠢ ᠶᠡᠭᠡ ᠬᠡᠷᠡᠭ ᠬᠤᠪᠢᠰᠤᠯ ᠪᠤᠯᠤᠨ᠎ᠠ᠂ ᠡᠨᠡ ᠨᠢ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ | ᠬᠥᠭᠵᠢᠯᠲᠡ ᠶᠢᠨ ᠴᠢᠭᠯᠡᠯ ᠪᠠ ᠠᠬᠢᠴᠠ ᠶᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ | ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠭᠦᠨᠵᠡᠭᠡᠢ ᠬᠤᠪᠢᠷᠠᠭᠤᠯᠵᠤ᠂ ᠳᠡᠯᠡᠬᠡᠢ ᠶᠢᠨ | ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠢ ᠬᠤᠪᠢᠷᠠᠭᠤᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ | ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ | ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ | ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠨᠢᠭᠡ ᠭᠤᠣᠯ ᠰᠡᠳᠦᠪ ᠪᠣᠯᠤᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠥᠪᠡᠷ ᠤᠨ ᠬᠦᠴᠦ ᠪᠠᠷ ᠢᠶᠠᠨ ᠳᠡᠭᠵᠢᠷᠡᠨ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ | ᠶᠡᠭᠡ ᠠᠮᠵᠢᠯᠲᠠ ᠶᠢ ᠡᠭᠦᠳᠦᠭᠰᠡᠨ ᠶᠤᠮ︔ ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠳᠠᠢ ᠪᠠᠷ ᠤᠷᠤᠭᠰᠢᠯᠠᠨ ᠲᠠᠪᠰᠢᠵᠤ᠂ | ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ | ᠠᠮᠵᠢᠯᠲᠠ ᠶᠢ ᠡᠭᠦᠳᠦᠭᠰᠡᠨ ᠶᠤᠮ︔ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ | ᠡᠷᠬᠢᠮᠯᠡᠨ ᠰᠢᠨ᠎ᠡ ᠶᠢ ᠡᠭᠦᠳᠴᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ | ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ | ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ | ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ | ᠤᠭᠲᠤᠨ ᠠᠪᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ | ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠨᠠᠨᠳᠢᠨ ᠠᠮᠢ ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ | ᠦᠯᠡᠮᠵᠢ᠂ ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠤ︾ ᠣᠮᠤᠭ ᠵᠣᠷᠢᠭ ᠢᠶᠠᠷ ᠳᠤᠮᠳᠠᠳᠤ ᠶᠢᠨ | ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠭᠠᠶᠢᠬᠠᠮᠰᠢᠬᠳᠦ ᠲᠤᠤᠯᠢᠰ ᠢ ᠪᠢᠴᠢᠭᠯᠡᠪᠡ᠃ | ᠡᠨᠡ ᠬᠦ ᠵᠠᠭᠤᠨ ᠵᠢᠯ ᠤᠨ ᠲᠤᠷᠰᠢ ᠨᠡᠭᠡᠭᠡᠭᠰᠡᠨ ᠠᠭᠤᠤ ᠶᠡᠭᠡ ᠵᠠᠮ᠂ ᠴᠤᠬᠴᠠᠯᠠᠬᠰᠠᠨ ᠠᠭᠤᠤ ᠶᠡᠭᠡ ᠦᠢᠯᠡᠰ᠂ ᠣᠯᠤᠭᠰᠠᠨ | ᠠᠭᠤᠤ ᠶᠡᠭᠡ ᠠᠮᠵᠢᠯᠲᠠ ᠨᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ᠂ ᠬᠥᠮᠦᠨ | ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠬᠦ ᠨᠢ ᠯᠠᠪᠲᠠᠢ ᠶᠤᠮ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠮᠠᠨ ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ | ᠤᠯᠤᠰ ᠤᠨ ᠡᠪ ᠬᠠᠮᠲᠤᠴᠤᠳ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠮᠠᠤ ᠽᠧ ᠳ᠋ᠦᠩ ᠨᠥᠬᠦᠷ᠂ ᠳ᠋ᠧᠩ ᠰᠢᠶᠤᠤ ᠫᠢᠩ ᠨᠥᠬᠦᠷ᠂ ᠵᠢᠶᠠᠩ ᠽᠧ ᠮᠢᠨ | ᠨᠥᠬᠦᠷ᠂ ᠬᠤ᠋ ᠶᠢᠨ ᠲᠤᠤ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠦᠯᠦᠭᠡ ᠲᠡᠦᠬᠡ ᠰᠤᠳᠤᠷ ᠢ ᠭᠡᠶᠢᠭᠦᠯᠦᠭᠰᠡᠨ | ᠠᠭᠤᠤ ᠶᠡᠭᠡ ᠭᠠᠪᠢᠶ᠎ᠠ ᠵᠢᠳᠬᠦᠯ ᠢ ᠪᠠᠶᠢᠭᠤᠯᠪᠠ᠂ ᠪᠢᠳᠡ ᠲᠡᠳᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ | ᠭᠡᠵᠦ ᠢᠯᠡᠳᠭᠡᠪᠡ᠃ | ᠰᠢ ᠶᠢᠨ ᠫᠢᠩ᠂ ᠡᠨᠡ ᠬᠦ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠬᠤ᠂ | ᠪᠠᠬᠢᠵᠢᠭᠦᠯᠬᠦ᠂ ᠬᠥᠭᠵᠢᠭᠦᠯᠬᠦ ᠶᠢᠨ ᠲᠥᠯᠥᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠮᠠᠤ ᠽᠧ ᠳ᠋ᠦᠩ᠂ ᠵᠧᠦ | ᠡᠸ᠋ᠨ ᠯᠠᠢ᠂ ᠯᠢᠦ ᠱᠤᠤ ᠴᠢ᠂ ᠵᠤ᠋ ᠳ᠋ᠧ᠂ ᠳ᠋ᠧᠩ ᠰᠢᠶᠤᠤ ᠫᠢᠩ᠂ ᠴᠧᠨ ᠶᠦᠨ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠢ ᠭᠦᠨ ᠮᠥᠷᠥᠭᠡᠳᠦᠨ ᠰᠠᠨᠠᠭᠠᠯᠵᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ | ᠪᠦᠳᠦᠭᠡᠨ ᠪᠠᠶᠢᠭᠤᠯᠬᠤ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ | ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ | ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠤᠢᠢᠷ᠎ᠠ | ᠦᠶ᠎ᠡ ᠠᠴᠠ ᠨᠠᠭᠠᠰᠢᠬᠢ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ | ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ ᠢ ᠬᠦᠨ ᠮᠦᠷᠤᠬᠡᠳᠤᠨ ᠰᠠᠨᠠᠭᠠᠯᠵᠠᠵᠤ ᠪᠠᠶᠢᠨ᠎ᠠ᠃ ᠲᠡᠳᠡᠨ ᠤ ᠡᠬᠡ | ᠤᠯᠤᠰ ᠪᠣᠯᠤᠨ ᠦᠨᠳᠦᠰᠦᠲᠡᠨ ᠤ ᠪᠠᠨ ᠲᠥᠯᠥᠭᠡ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠨᠢ ᠲᠡᠦᠬᠡᠨ | ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ︕ ᠲᠡᠳᠡᠨ ᠤ ᠡᠷᠬᠢᠮ ᠳᠡᠭᠡᠳᠦ ᠵᠣᠷᠢᠭ ᠰᠠᠨᠠᠭ᠎ᠠ ᠨᠢ ᠠᠷᠠᠳ ᠲᠦᠮᠡᠨ ᠤ | ᠰᠡᠳᠬᠢᠯ ᠳᠤ ᠡᠭᠦᠷᠢᠳᠡ ᠬᠠᠳᠠᠩᠰᠢᠬᠤ ᠶᠤᠮ︕ ᠭᠡᠵᠦ ᠢᠯᠡᠳᠭᠡᠪᠡ᠃ | ᠰᠢ ᠶᠢᠨ ᠫᠢᠩ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ ᠮᠥᠨ᠃ | ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ | ᠰᠡᠬᠡᠭᠡᠲᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ | ᠂ ᠡᠯ᠎ᠡ ᠡᠲᠡᠭᠡᠳ ᠤᠨ ᠡᠬᠡ ᠣᠷᠣᠨᠴᠢ ᠬᠥᠮᠦᠰ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ | ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ | ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠵᠢᠯᠤᠭᠤᠳᠤᠬᠴᠢ ᠪᠠᠶᠢᠯᠳᠤᠭᠴᠢ᠂ ᠪᠦᠬᠦ | ᠨᠡᠶᠢᠭᠡᠮ ᠵᠢᠷᠤᠮ ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠬᠦᠨ ᠳᠤ ᠡᠷᠬᠢᠮ ᠳᠡᠭᠡᠳᠦ | ᠬᠦᠨᠳᠦᠳᠬᠡᠯ ᠳᠡᠪᠰᠢᠭᠦᠯᠵᠦ ᠪᠠᠶᠢᠨ᠎ᠠ᠃ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠵᠢᠴᠢ | ᠥᠷᠭᠡᠨ ᠤᠯᠠᠨ ᠳᠤᠮᠳᠠᠳᠤ ᠶᠢᠨ ᠬᠠᠷᠢᠶᠠᠲᠤ ᠨᠡᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ᠃ ᠳᠤᠮᠳᠠᠳᠤ | ᠤᠯᠤᠰ ᠤᠨ ᠠᠷᠠᠳ ᠲᠦᠮᠡᠨ ᠲᠠᠢ ᠨᠥᠬᠦᠷᠰᠡᠭ ᠢᠶᠠᠷ ᠶᠠᠪᠤᠯᠴᠠᠵᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠠᠷᠠᠳ ᠲᠦᠮᠡᠨ ᠪᠠ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠭᠡᠵᠦ ᠢᠯᠡᠳᠭᠡᠪᠡ᠃ | ᠰᠢ ᠶᠢᠨ ᠫᠢᠩ᠂ ᠤᠭ ᠰᠠᠨᠠᠭ᠎ᠠ ᠶᠢ ᠲᠤᠬᠳᠠᠭᠠᠬᠤ ᠳᠤ ᠬᠢᠯᠪᠠᠷ᠂ ᠢᠮᠠᠭᠲᠠ ᠪᠠᠷᠢᠮᠳᠠᠯᠠᠬᠤ ᠳᠤ ᠬᠦᠴᠢᠷ᠃ | ᠲᠡᠦᠬᠡ ᠪᠠᠷ ᠲᠤᠯᠢ ᠪᠣᠯᠭᠠᠪᠠᠯ᠂ ᠲᠦᠷᠦ ᠭᠦᠷᠦᠨ ᠤ ᠮᠠᠨᠳᠤᠵᠤ ᠮᠥᠬᠦᠬᠦ ᠰᠤᠯᠢᠬᠳᠠᠬᠤ ᠶᠤᠰᠤ ᠶᠢ ᠮᠡᠳᠡᠵᠦ ᠪᠣᠯᠤᠨ᠎ᠠ᠃ | ᠪᠢᠳᠡ ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ | ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ ᠲᠣᠳᠣᠷᠬᠠᠢ ᠣᠶᠢᠯᠠᠭᠠᠵᠤ᠂ | ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ ᠲᠡᠦᠬᠡ ᠪᠠᠷ | ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ | ᠤᠳᠤᠷᠢᠳᠤᠯᠭ᠎ᠠ ᠶᠢ ᠪᠠᠷᠢᠮᠲᠠᠯᠠᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ | ᠤᠳᠤᠷᠢᠳᠤᠯᠭ᠎ᠠ ᠶᠢ ᠳᠠᠰᠤᠷᠠᠯᠳᠠ ᠦᠭᠡᠢ ᠳᠡᠬᠦᠯᠳᠡᠷᠵᠢᠬᠦᠯᠵᠦ᠂ ᠨᠠᠮ ᠠᠴᠠ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ | ᠲᠠᠯ᠎ᠠ ᠶᠢ ᠵᠣᠬᠢᠴᠠᠭᠤᠯᠬᠤ ᠶᠢ ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠭᠦᠶ᠋ᠴᠡᠳ ᠪᠠᠳᠠᠷᠠᠭᠤᠯᠬᠤ ᠬᠡᠷᠡᠭᠲᠡᠶ︔ | ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ | ᠲᠥᠯᠥᠭᠡ ᠲᠠᠰᠤᠷᠠᠯᠲᠠ ᠦᠭᠡᠢ ᠲᠡᠮᠡᠴᠡᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢ ᠡᠭᠦᠳᠦᠨ ᠪᠦᠲᠦᠭᠡᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠬᠥᠭᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠦᠬᠦ ᠠᠷᠠᠳ | ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠤᠳᠠᠳᠤ ᠠᠬᠢᠴᠠ ᠲᠠᠢ ᠪᠣᠯᠭᠠᠬᠤ ᠬᠡᠷᠡᠭᠲᠡᠢ︔ ᠡᠷᠬᠡᠪᠰᠢ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠵᠤ᠂ ᠮᠠᠷᠺᠰ ᠤᠨ ᠦᠵᠡᠯ ᠤᠨ ᠦᠨᠳᠦᠰᠦᠨ | ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ ᠦᠶ᠎ᠡ ᠶᠢ ᠠᠵᠢᠠᠠᠯᠠᠵᠦ᠂ ᠴᠠᠭ ᠦᠶ᠎ᠡ ᠶᠢ | ᠡᠵᠡᠮᠳᠡᠵᠦ᠂ ᠴᠠᠭ ᠦᠶ᠎ᠡ ᠶᠢ ᠬᠦᠳᠦᠯᠦᠨ ᠳᠠᠭᠠᠭᠤᠯᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ | 21 ᠳ᠋ᠤᠭᠡᠷ ᠵᠠᠭᠤᠨ ᠤ ᠮᠠᠷᠺᠰ ᠤᠨ ᠦᠵᠡᠯ ᠢ ᠦᠷᠭᠦᠯᠵᠢᠯᠡᠨ ᠬᠥᠭᠵᠢᠭᠦᠯᠬᠦ ᠬᠡᠷᠡᠭᠲᠡᠢ︔ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠨᠠᠮ ᠤᠨ ᠦᠨᠳᠦᠰᠦᠨ ᠤᠨᠤᠯ᠂ ᠦᠨᠲᠦᠰᠦᠠ ᠱᠤᠭᠤᠮ᠂ | ᠦᠨᠲᠦᠰᠦᠨ ᠴᠢᠭᠯᠡᠯᠲᠡ ᠶᠢ ᠪᠠᠷᠢᠮᠲᠠᠯᠠᠵᠦ᠂ ᠥᠪᠡᠷ ᠤᠨ ᠰᠣᠩᠭᠤᠭᠰᠠᠨ ᠵᠠᠮ ᠢᠶᠠᠷ ᠢᠶᠠᠨ ᠴᠡᠭᠡᠵᠢ ᠲᠡᠨᠢᠢᠨ ᠲᠤᠮᠤ | ᠠᠯᠬᠤᠮ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ | ᠭᠠᠷ ᠲᠠᠭᠠᠨ ᠪᠠᠲᠤ ᠡᠵᠡᠮᠳᠡᠬᠦ ᠭᠡᠷᠡᠭᠲᠡᠢ︔ ᠡᠷᠬᠡᠪᠰᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢ ᠲᠦᠷᠭᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ | ᠪᠣᠯᠭᠠᠨ ᠪᠠᠶᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ︔ ᠡᠷᠬᠡᠪᠰᠢ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠲᠤᠭ ᠢ ᠥᠨᠳᠥᠷ ᠮᠠᠨᠳᠤᠭᠤᠯᠵᠤ᠂ ᠪᠡᠶ᠎ᠡ ᠪᠠᠨ ᠳᠠᠭᠠᠭᠠᠵᠤ | ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ | ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠡᠦᠬᠡ ᠶᠢᠨ ᠬᠦᠷᠳᠦ ᠶᠢᠨ ᠭᠡᠭᠡᠨ ᠰᠠᠷᠠᠭᠤᠯ ᠬᠠᠷᠠᠯᠲᠠ ᠲᠡᠶᠢᠰᠢ | ᠤᠷᠤᠭᠰᠢᠯᠠᠬᠤ ᠶᠢ ᠠᠬᠢᠭᠤᠯᠬᠤ ᠭᠡᠷᠡᠭᠲᠡᠢ︔ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ | ᠲᠡᠮᠡᠴᠡᠯ ᠢ ᠬᠢᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ | ᠠᠶᠤᠯ ᠲᠦᠭᠰᠢᠭᠦᠷᠢ ᠶᠢ ᠦᠯᠦ ᠮᠠᠷᠳᠠᠵᠤ᠂ ᠤᠯᠤᠰ ᠤᠨ ᠶᠡᠷᠦᠩᠬᠡᠢ ᠴᠤᠭᠴᠠ ᠶᠢᠨ ᠠᠮᠤᠷ ᠲᠦᠪᠰᠢᠨ ᠤ ᠦᠵᠡᠯᠲᠡ ᠶᠢ | ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠬᠠᠷᠭᠤᠪᠠᠯ ᠵᠠᠮ | ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠳᠠᠯᠪᠢᠵᠦ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ | ᠢᠯᠠᠨ ᠳᠠᠪᠠᠭ᠋ᠤ ᠬᠡᠷᠡᠭᠲᠡᠢ︔ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠬᠤ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ | ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ︔ ᠡᠷᠬᠡᠪᠰᠢ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ | ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ | ᠬᠡᠷᠡᠭᠲᠡᠶ ᠭᠡᠬᠦ ᠶᠣᠰᠣ ᠤᠴᠢᠷ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ | ᠵᠤᠬᠰᠤᠰᠢ ᠦᠭᠡᠶ ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠰᠢᠨ᠎ᠡ ᠴᠠᠭ ᠦᠶ᠎ᠡ ᠳᠤ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ | ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ | ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ ᠠᠴᠠ ᠰᠢᠶᠠᠩᠭᠠᠩ᠂ ᠣᠣᠮᠧᠨ ᠤ | ᠤᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ | ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠳᠡᠢ | ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ | ᠪᠠᠷᠢᠮᠲᠠᠯᠠᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠬᠤ ᠬᠡᠷᠡᠭᠲᠡᠶ᠃ ᠲᠠᠶᠢᠸᠠᠨ | ᠬᠤᠭᠤᠯᠠᠶ ᠶᠢᠨ ᠬᠤᠶᠠᠷ ᠬᠦᠪᠡᠬᠡᠨ ᠤ ᠠᠬ᠎ᠠ ᠳᠡᠭᠦᠦ ᠨᠡᠷ ᠢ ᠪᠠᠭᠲᠠᠭᠠᠭᠰᠠᠨ ᠪᠤᠢ ᠪᠦᠬᠦᠢ ᠳᠤᠮᠳᠠᠳᠤ ᠶᠢᠨ ᠬᠥᠪᠡᠭᠦᠳ | ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠠᠯᠢᠪᠠ ᠭᠤᠷᠢᠳᠠᠯᠭ᠎ᠠ ᠶᠢ ᠡᠷᠡᠰ ᠪᠤᠳᠠ ᠨᠢᠷᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ | ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃ ᠶᠠᠮᠠᠷᠪᠠ ᠬᠥᠮᠦᠨ ᠭᠡᠳ ᠳᠤᠮᠳᠠᠳᠤ ᠤᠯᠤᠰ ᠤᠨ | ᠠᠷᠠᠳ ᠲᠦᠮᠡᠨ ᠤ ᠤᠯᠤᠰ ᠣᠷᠣᠨ ᠤ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ | ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠭᠡ ᠴᠢᠳᠠᠪᠤᠷᠢ ᠶᠢ ᠪᠠᠰᠤᠮᠵᠢᠯᠠᠵᠤ ᠪᠣᠯᠬᠤ ᠦᠭᠡᠢ ᠭᠡᠵᠦ ᠴᠢᠬᠤᠯᠠᠴᠢᠯᠠᠪᠠ | ᠃ | ᠰᠢ ᠶᠢᠨ ᠫᠢᠩ᠂ ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ | ᠨᠠᠶᠢᠳᠠᠶᠡ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ | ᠪᠤᠯᠤᠬᠰᠠᠨ ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠢᠶᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ | ᠦᠭᠡᠢ᠂ ᠽᠠᠨᠳᠠᠨ ᠨᠠᠰᠤ ᠰᠠᠶᠢᠬᠠᠨ ᠴᠠᠬ ᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ | ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ᠂ | ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ ᠶᠤᠮ᠃ ᠤᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠳᠠᠬᠢᠨ ᠮᠤᠷᠳᠠᠯ᠎ᠠ ᠭᠡᠵᠦ | ᠴᠢᠬᠤᠯᠠᠴᠢᠯᠠᠪᠠ᠃ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ ᠪᠦᠬᠦ᠋ᠢᠯᠡ ᠳᠤᠮᠳᠠᠳᠤ ᠤᠯᠤᠰ ᠤᠨ ᠡᠪ | ᠬᠠᠮᠳᠦ ᠨᠠᠮ ᠤᠨ ᠭᠡᠰᠢᠬᠦᠨ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ | ᠴᠢᠰᠤᠨ ᠤ ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ | ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ | ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ | ᠴᠢᠷᠮᠠᠶᠢᠰᠤᠭᠠᠢ ᠭᠡᠵᠦ ᠤᠷᠢᠶᠠᠯᠠᠪᠠ᠃ ︵ᠶᠠᠷᠢᠶᠠᠨ ᠤ ᠪᠦᠬᠦ ᠠᠭᠤᠯᠭ᠎ᠠ ᠶᠢ ᠠᠰᠳᠠᠭᠠᠨ ᠨᠡᠶᠢᠳᠡᠯᠡᠨ᠎ᠠ︶ | ᠰᠢ ᠶᠢᠨ ᠫᠢᠩ ᠤᠨ ᠶᠠᠷᠢᠶ᠎ᠠ ᠲᠡᠭᠦᠰᠬᠦ ᠳᠤ ᠲᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ | ᠲᠠᠰᠢᠵᠠᠭᠠᠪᠠ᠃ | ᠶᠡᠭᠡ ᠬᠤᠷᠠᠯ ᠰᠦᠷ ᠵᠢᠪᠬᠤᠯᠠᠩᠲᠤ ᠢᠨᠲ᠋ᠧᠷᠨᠠᠼᠢᠤᠨᠠᠯ ᠤᠨ ᠳᠠᠭᠤᠤ ᠶᠢᠨ ᠳᠤᠮᠳᠠ ᠲᠡᠭᠦᠰᠪᠡ᠃ | ᠣᠮᠤᠭ ᠪᠠᠳᠠᠷᠠᠩᠭᠤᠢ ᠬᠥᠭᠵᠢᠮ ᠤᠨ ᠠᠶᠠᠰ ᠬᠠᠩᠭᠢᠨᠠᠬᠤ ᠳᠤ᠂ ᠲᠠᠯᠠᠪᠠᠢ ᠳᠠᠶᠠᠭᠠᠷ ᠢᠶᠠᠨ ︽ᠡᠬᠡ ᠤᠯᠤᠰ ᠢᠶᠠᠨ | ᠮᠠᠭᠲᠠᠨ ᠳᠠᠭᠤᠯᠠᠶ᠎ᠠ︾ ᠭᠡᠮᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ 10 ᠲᠦᠮᠡᠨ ᠡᠩᠬᠡ ᠲᠠᠶᠢᠪᠤᠩ ᠤᠨ | ᠲᠠᠭᠲᠠᠭ᠎ᠠ ᠵᠢᠭᠦᠷ ᠢᠶᠠᠨ ᠳᠡᠯᠭᠡᠨ ᠥᠨᠳᠥᠷ ᠲᠤ ᠨᠢᠰᠴᠦ᠂ 10 ᠲᠦᠮᠡᠨ ᠥᠩᠭᠡᠲᠦ ᠬᠡᠶᠢᠲᠦ ᠪᠥᠮᠪᠦᠭᠡ ᠠᠭᠠᠷ ᠲᠤ ᠳᠡᠭᠳᠡᠪᠡ | ᠃ ᠲᠢᠶᠠᠨ ᠠᠨ ᠮᠧᠨ ᠠᠭᠤᠳᠠᠮ ᠲᠠᠯᠠᠪᠠᠢ ᠳᠠᠬᠢ ᠡᠯ᠎ᠡ ᠡᠲᠡᠭᠡᠳ ᠤᠨ ᠤᠯᠠᠨ ᠲᠦᠮᠡᠨ ᠲᠢᠶᠠᠨ ᠠᠨ ᠮᠧᠨ ᠠᠰᠠᠷ ᠵᠦᠭ | ᠪᠠᠶᠠᠷᠯᠠᠨ ᠤᠤᠬᠠᠢᠢᠯᠠᠵᠤ ᠬᠦᠨᠳᠦᠳᠬᠡᠯ ᠳᠡᠪᠰᠢᠭᠦᠯᠬᠦ ᠳᠤ᠂ ᠰᠢ ᠶᠢᠨ ᠫᠢᠩ ᠨᠡᠷ ᠤᠯᠠᠨ ᠤ ᠵᠦᠭ ᠭᠠᠷ ᠳᠠᠯᠠᠯᠤᠨ | ᠮᠡᠨᠳᠦᠴᠢᠯᠡᠪᠡ᠃ ᠠᠰᠠᠷ ᠤᠨ ᠳᠡᠭᠡᠷ᠎ᠡ ᠳᠣᠣᠷ᠎ᠠ ᠴᠢᠩ ᠰᠡᠳᠬᠢᠯ ᠤᠨ ᠠᠭᠤᠰᠤᠯᠴᠠᠯ ᠤᠨ ᠬᠦᠬᠦᠷᠬᠡ ᠨᠡᠪᠲᠡᠷᠡᠵᠦ᠂ ᠠᠭᠤᠳᠠᠮ | ᠲᠠᠯᠠᠪᠠᠢ ᠶᠢᠨ ᠳᠤᠳᠤᠨ᠎ᠠ ᠭᠠᠳᠠᠨ᠎ᠠ ᠪᠠᠶᠠᠷ ᠬᠦᠷ ᠢᠶᠠᠷ ᠪᠢᠯᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ | ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠬᠡ ᠤᠯᠤᠰ ᠪᠣᠯᠤᠨ ᠳᠡᠯᠡᠬᠡᠢ ᠶᠢᠨ ᠮᠠᠷᠭᠠᠰᠢ ᠨᠡᠩ ᠰᠠᠶᠢᠨ ᠰᠠᠶᠢᠬᠠᠨ ᠪᠣᠯᠬᠤ ᠶᠢ | ᠬᠠᠮᠲᠤ ᠪᠠᠷ ᠬᠦᠰᠡᠨ ᠵᠥᠩᠨᠡᠭᠰᠡᠨ ᠪᠠᠶᠢᠨ᠎ᠠ᠃ | ᠪᠡᠯᠭᠡᠯᠡᠬᠦ ᠶᠡᠭᠡ ᠬᠤᠷᠠᠯ ᠳᠤ ᠣᠷᠣᠯᠴᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ | ᠰᠢᠤᠢ ᠴᠢ ᠯᠢᠶᠠᠩ᠂ ᠰᠦᠨ ᠴᠦᠨ ᠯᠠᠨ᠂ ᠯᠢ ᠴᠢᠶᠠᠩ᠂ ᠯᠢ ᠬᠤᠩ ᠵᠥᠩ᠂ ᠶᠠᠩ ᠵᠢᠶᠧ ᠤᠣᠢ᠂ ᠶᠠᠩ ᠰᠢᠶᠣᠤ ᠳ᠋ᠦ᠋᠂ | ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ ᠭᠦᠸᠧ ᠱᠧᠩ ᠺᠦᠨ | ᠂ ᠬᠤᠸᠠᠩ ᠺᠦᠨ ᠮᠢᠩ᠂ ᠼᠠᠢ ᠴᠢ᠂ ᠬᠤ᠋ ᠶᠢᠨ ᠲᠤᠤ᠂ ᠯᠢ ᠷᠦᠢ ᠬᠤᠸᠠᠨ᠂ ᠡᠦ ᠪᠠᠩ ᠭᠦᠸᠧ᠂ ᠸᠧᠨ ᠵᠢᠶᠠ ᠪᠦᠦ᠂ | ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠰᠦᠩ ᠫᠢᠩ᠂ ᠯᠢ ᠯᠠᠨ ᠴᠢᠩ᠂ ᠽᠧᠩ ᠴᠢᠩ ᠬᠤᠩ᠂ ᠡᠤ | ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠵᠠᠩ ᠭᠤᠤ ᠯᠢ᠂ ᠶᠢᠤ ᠴᠢᠤᠸᠠᠨ᠂ ᠼᠤᠤ | ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠶ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠴᠧᠨ | ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠶ ᠬᠤᠸᠠ᠂ | ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ | ᠴᠢᠩ ᠯᠢ᠂ ᠯᠢᠦ ᠴᠢ ᠪᠦᠦ᠂ ᠫᠠᠪᠠᠯᠠ · ᠭᠧᠯᠧᠭᠨᠡᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠧᠦ ᠬᠤᠸᠠ᠂ ᠯᠦ | ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭᠠᠲᠤᠷ᠂ | ᠸᠠᠩ ᠶᠦᠩ ᠴᠢᠩ᠂ ᠾᠧ ᠯᠢ ᠹᠧᠩ᠂ ᠰᠤ᠋ ᠬᠤᠶ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ | ᠸᠧᠶ᠂ ᠱᠤᠤ ᠬᠤᠩ᠂ ᠭᠤᠤ ᠶᠦᠨ ᠯᠦᠩ ᠪᠣᠯᠤᠨ ᡂᠢ ᠬᠤᠤ ᠲᠢᠶᠠᠨ᠂ ᠵᠢᠶᠠᠩ ᠴᠦᠨ ᠶᠦᠨ᠂ ᠸᠠᠩ ᠯᠧ ᠴᠢᠤᠸᠠᠨ᠂ | ᠸᠠᠩ ᠵᠣᠤ ᠭᠦᠸᠧ᠂ ᠬᠤᠶ ᠯᠢᠶᠠᠩ ᠢᠦᠶ᠂ ᠯᠢᠦ ᠴᠢ᠂ ᠡᠦ ᠢ᠂ ᠼᠤᠤ ᠭᠠᠩ ᠴᠤᠸᠠᠡ᠂ ᠽᠧᠩ ᠫᠸᠢ ᠶᠠᠨ᠂ ᠸᠠᠩ ᠭᠠᠩ᠂ | ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠶ᠂ ᠯᠢ ᠵᠢᠶᠠᠨ ᠭᠦᠸᠧ᠂ ᠹᠠᠨ ᠴᠠᠩ ᠯᠦᠩ᠂ ᠮᠧᠩ ᠵᠢᠶᠠᠨ ᠵᠤ᠋᠂ | ᠬᠦᠸᠧ ᠶᠢᠨ ᠯᠦᠩ᠂ ᠸᠠᠩ ᠬᠠᠨ ᠪᠢᠨ᠂ ᠾᠧ ᠶᠦᠩ᠂ ᠳ᠋ᠦ᠋ ᠴᠢᠩ ᠯᠢᠨ᠂ ᠵᠣᠤ ᠬᠤᠩ ᠵᠤ᠋᠂ ᠫᠧᠩ ᠫᠸᠢ ᠶᠦᠨ᠂ ᠯᠢ | ᠲᠢᠶᠧ ᠶᠢᠩ᠂ ᠾᠧ ᠯᠦ ᠯᠢ᠂ ᠵᠢᠶᠠᠩ ᠵᠧᠩ ᠬᠤᠸᠠ᠂ ᠬᠥ᠋ ᠰᠢᠤ ᠯᠢᠶᠠᠨ᠂ ᠷᠧᠳᠢ᠂ ᠤᠶᠤᠨᠴᠢᠮᠡᠭ᠂ ᠴᠧᠨ ᡁᠢ ᠯᠢ᠂ ᠵᠧᠦ | ᠲᠢᠶᠧ ᠨᠦᠩ᠂ ᠵᠢᠶᠠᠩ ᠱᠤ᠋ ᠱᠧᠩ᠂ ᠰᠠᠩ ᠭᠦᠸᠧ ᠸᠧᠶ᠂ ᠸᠠᠩ ᠱᠧᠩ ᠵᠢᠶᠦ᠋ᠨ᠂ ᠴᠧᠨ ᠴᠠᠩ ᡁᠢ᠂ ᠶᠠᠨ ᠵᠢᠶᠦ᠋ᠨ ᠴᠢ᠂ | ᠵᠠᠩ ᠫᠢᠩ᠂ ᠵᠠᠮᠪᠠᠯᠫᠤᠩᠰᠤᠭ᠂ ᠳ᠋ᠠᠶ ᠪᠢᠩ ᠭᠦᠸᠧ᠂ ᠴᠠᠩ ᠸᠠᠨ ᠴᠢᠤᠸᠠᠨ᠂ ᠬᠠᠨ ᠵᠤ᠋ ᠪᠢᠨ᠂ ᠵᠢᠶᠠ ᠴᠦᠨ ᠸᠠᠩ᠂ | ᠰᠦᠩ ᠵᠢᠶᠠᠨ᠂ ᠬᠤ᠋ ᠴᠢ ᠯᠢ᠂ ᠸᠠᠩ ᠵᠥᠩ ᠢᠦᠶ᠂ ᠬᠤᠤ ᠵᠢᠶᠠᠨ ᠰᠢᠤ᠂ ᠰᠢᠤᠢ ᠺᠤᠸᠠᠩ ᠳ᠋ᠢ᠂ ᠵᠠᠩ ᠬᠤᠸᠠᠢ ᠰᠢ᠂ ᠯᠢ | ᠮᠧᠩ᠂ ᠯᠢᠶᠣᠤ ᠬᠤᠶ᠂ ᠪᠠᠶ ᠯᠢ ᠴᠧᠨ᠂ ᠴᠧᠨ ᠺᠦᠶ ᠶᠤᠸᠠᠨ᠂ ᠠᠪᠦ᠋ᠯᠠᠶᠢᠲ᠋ᠢ · ᠠᠪᠦ᠋ᠳᠦ᠋ᠷᠧᠰᠢᠲ᠋ᠢ᠂ ᠯᠢ ᠵᠣᠣ ᠵᠦᠸᠧ᠂ | ᠬᠤᠸᠠᠩ ᠮᠧᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ ᠶᠦᠨ ᠯᠦ᠂ ᠰᠦᠨ ᠵᠢᠶᠠ ᠵᠧᠩ᠂ ᠯᠢ ᠶᠢᠨ ᠬᠤᠸᠠ᠂ | ᠵᠧᠩ ᠸᠠᠨ ᠲᠦᠩ᠂ ᠳ᠋ᠧᠩ ᠫᠦ᠋ ᠹᠠᠩ᠂ ᠴᠧᠨ ᠽᠦᠩ ᠰᠢᠩ᠂ ᠸᠠᠩ ᡁᠢ ᠵᠧᠨ᠂ ᠬᠠᠨ ᠴᠢ ᠳ᠋ᠧ᠂ ᠯᠦᠸᠧ ᠹᠦ᠋ ᠾᠧ᠂ | ᠯᠢ ᠬᠠᠢ ᠹᠧᠩ᠂ ᠴᠧᠨ ᠶᠤᠸᠠᠨ᠂ ᠵᠧᠤ ᠰᠢᠶᠣᠤ ᠴᠤᠸᠠᠨ᠂ ᠸᠠᠩ ᠵᠢᠶᠠ ᠷᠦᠢ᠂ ᠴᠢ ᠰᠢᠦᠢ ᠴᠦᠨ᠂ ᠮᠠ ᠫᠸᠢ ᠬᠤᠸᠠ᠂ | ᠯᠢᠦ ᠰᠢᠶᠤᠤ ᠹᠧᠩ᠂ ᠸᠠᠩ ᠴᠢᠨ ᠮᠢᠨ᠂ ᠵᠢᠴᠢ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠣᠯᠤᠨ ᠹᠦ᠋ | ᠴᠢᠤᠸᠠᠨ ᠶᠢᠦ᠂ ᠢᠦᠶ ᠶᠦᠩ ᠪᠥᠸᠧ᠂ ᠸᠠᠩ ᠺᠧ᠂ ᠴᠧᠨ ᠪᠢᠩ ᠳ᠋ᠧ᠂ ᠯᠢ ᠵᠢᠶ ᠨᠠᠢ᠂ ᠴᠢᠶᠣᠤ ᠴᠢᠩ ᠴᠧᠨ᠂ ᠵᠢᠩ ᡁᠢ | ᠶᠤᠸᠠᠨ᠂ ᠵᠣᠣ ᠺᠧ ᠱᠢ᠂ ᠡᠤ ᠱᠧᠩ ᠯᠢ᠂ ᠮᠠ ᠰᠢᠶᠣᠤ ᠲᠢᠶᠠᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠾᠧ ᠢ ᠴᠧᠩ ᠨᠠᠷ ᠪᠤᠢ᠃ | ᠪᠡᠭᠡᠵᠢᠩ ᠳᠤ ᠪᠠᠶᠢᠭ᠎ᠠ ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ᠂ ᠠᠬᠠᠮᠠᠳ ᠨᠥᠬᠦᠳ ᠤᠨ ᠲᠥᠯᠥᠭᠡᠯᠡᠭᠴᠢ᠂ ᠪᠡᠭᠡᠵᠢᠩ ᠳᠠᠬᠢ ᠲᠥᠪ ᠠᠴᠠ | ᠬᠠᠮᠢᠶᠠᠷᠴᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ | ᠪᠡᠭᠡᠵᠢᠩ ᠳᠤ ᠪᠠᠶᠢᠭ᠎ᠠ ᠲᠥᠪ ᠬᠤᠷᠢᠶᠠᠨ ᠤ ᠭᠡᠰᠢᠭᠦᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠶᠠᠩᠭᠠᠩ ᠣᠣᠮᠧᠨ | ᠲᠠᠶᠢᠸᠠᠨ ᠤ ᠠᠬ᠎ᠠ ᠳᠡᠭᠦᠦ ᠨᠡᠷ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠡᠷ ᠤᠨ ᠲᠥᠯᠥᠭᠡᠯᠡᠭᠴᠢ᠂ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶᠠᠨ ᠤ ᠪᠡᠭᠡᠵᠢᠩ ᠳᠤ ᠪᠠᠶᠢᠭ᠎ᠠ ᠭᠡᠰᠢᠭᠦᠳ᠂ ᠪᠦᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠪᠡᠭᠡᠵᠢᠩ ᠳᠤ ᠪᠠᠶᠢᠭ᠎ᠠ ᠭᠦᠢᠴᠡᠳᠬᠡᠬᠦ ᠭᠡᠰᠢᠭᠦᠨ ᠪᠠ ᠨᠠᠮ ᠪᠦᠯᠦᠭ ᠤᠨ | ᠪᠤᠰᠤ ᠬᠥᠮᠦᠰ ᠤᠨ ᠲᠥᠯᠥᠭᠡᠯᠡᠭᠴᠢ᠂ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ | ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠴᠢ᠂ ︽ᠪᠥᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ᠂ ︽ᠤᠯᠤᠰ ᠤᠨ | ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ︾᠂ ︽ᠰᠠᠨᠰᠠᠷ ᠤᠨ ᠠᠶᠠᠯᠠᠯ ᠤᠨ ᠪᠠᠭᠠᠲᠤᠷ︾᠂ ︽ | ᠪᠠᠭᠠᠲᠤᠷ ᠰᠠᠨᠰᠠᠷᠴᠢᠨ︾ ᠤ ᠴᠤᠯᠠ ᠬᠦᠷᠲᠡᠭᠴᠢ᠂ ᠪᠦᠬᠦ ᠤᠯᠤᠰ ᠤᠨ ᠲᠡᠷᠢᠭᠦᠨ ᠤ ᠵᠢᠱᠢᠶᠡᠴᠢ ᠬᠥᠮᠦᠰ ᠤᠨ ᠲᠥᠯᠥᠭᠡᠯᠡᠭᠴᠢ | ᠂ ᠠᠷᠪᠠᠨ ᠨᠢᠭᠡᠳᠦᠭᠡᠷ ᠳᠦᠷᠢ ᠶᠢᠨ ᠪᠠᠨᠴᠢᠡᠡᠷᠳᠡᠨᠢ · ᠴᠦᠢᠵᠢᠨᠵᠠᠪ᠂ ᠪᠦᠬᠦ ᠤᠯᠤᠰ ᠤᠨ ᠴᠢᠨᠠᠷᠲᠠᠶ ᠱᠠᠰᠢᠨ ᠰᠤᠷᠲᠠᠬᠤᠨ ᠤ | ᠪᠦᠯᠬᠦᠮ ᠤᠨ ᠭᠤᠤᠯ ᠬᠠᠷᠢᠭᠤᠴᠠᠯᠭᠠᠲᠠᠨ᠂ ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠺᠠᠳᠧᠮᠢᠴᠢ ᠪᠣᠯᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ | ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠢᠯᠢᠳᠡᠭ ᠴᠢᠳᠠᠪᠤᠷᠢᠲᠠᠨ ᠤ ᠲᠥᠯᠥᠭᠡᠯᠡᠭᠴᠢ᠂ ᠨᠠᠰᠤ | ᠪᠠᠷᠠᠭᠰᠠᠨ ᠬᠡᠰᠡᠭ ᠠᠬᠠᠮᠠᠳ ᠨᠥᠬᠦᠳ ᠤᠨ ᠲᠦᠷᠦᠯ ᠰᠠᠳᠤᠨ᠂ ᠦᠷᠡᠭᠳᠡᠭᠰᠡᠨ ᠪᠠᠭᠠᠲᠤᠷ ᠵᠢᠴᠢ ᠠᠯᠪᠠᠨ ᠶᠠᠪᠤᠳᠠᠯ ᠢᠶᠠᠷ ᠪᠡᠶ᠎ᠡ | ᠦᠷᠡᠭᠳᠡᠭᠰᠡᠨ ᠬᠥᠮᠦᠰ ᠤᠨ ᠭᠡᠷ ᠪᠦᠯᠢ ᠶᠢᠨ ᠬᠢᠨ᠂ ︽ᠨᠠᠮ ᠤᠨ ᠭᠡᠰᠢᠭᠦᠨ ᠪᠤᠯᠤᠭᠰᠠᠨ ᠢᠷᠠᠭᠤ ᠠᠯᠳᠠᠷ ᠲᠠᠢ 50 ᠵᠢᠯ︾ | ᠤᠨ ᠳᠤᠷᠠᠰᠬᠠᠯ ᠤᠨ ᠲᠡᠮᠳᠡᠭ ᠬᠦᠷᠲᠡᠭᠰᠡᠳ ᠤᠨ ᠲᠥᠯᠥᠭᠡᠯᠡᠭᠴᠢ᠂ 2021 ᠣᠨ ᠳᠤ ᠰᠢᠨ᠎ᠡ ᠪᠠᠷ ᠡᠯᠰᠡᠭᠳᠡᠭᠰᠡᠨ ᠨᠠᠮ ᠤᠨ | ᠭᠡᠰᠢᠭᠦᠨ ᠤ ᠲᠥᠯᠥᠭᠡᠯᠡᠭᠴᠢ᠂ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠪᠦᠬᠦ | ᠤᠯᠤᠰ ᠤᠨ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ | ᠲᠥᠯᠥᠭᠡᠯᠡᠭᠴᠢ᠂ ᠪᠡᠭᠡᠵᠢᠩ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠶᠡᠭᠡ | ᠬᠤᠷᠠᠯ ᠳᠤ ᠣᠷᠣᠯᠴᠠᠪᠠ᠃ | ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ ᠪᠣᠯᠤᠨ ᠤᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ᠂ ᠭᠠᠳᠠᠭᠠᠳᠤ ᠶᠢᠨ ᠲᠤᠰᠬᠠᠢ | ᠮᠡᠷᠭᠡᠵᠢᠯᠲᠡᠨ ᠴᠦ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠵᠠᠢ᠃ | |