ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠨᠢᠭᠤᠷᠳᠠᠨ ᠵᠣᠯᠭᠠᠭᠤᠯᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/21
           7 ᠳ᠋ᠤᠭᠠᠷ ᠰᠠᠷ᠎ᠠ ᠶᠢᠨ 19 ᠤ ᠡᠳᠦᠷ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠨᠢᠭᠤᠷᠳᠠᠨ ᠵᠣᠯᠭᠠᠭᠤᠯᠬᠤ ᠰᠠᠭᠤᠳᠠᠯ ᠤᠨ ᠬᠤᠷᠠᠯ ᠬᠥᠬᠡᠬᠤᠲᠠ ᠳᠤ ᠬᠤᠷᠠᠯᠳᠤᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠰᠠᠭᠤᠳᠠᠯ ᠤᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠯᠢ ᠪᠢᠩ ᠷᠦᠩ ᠬᠤᠷᠠᠯ ᠡᠷᠬᠢᠯᠡᠬᠦ ᠳᠤ ᠪᠠᠨ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ ᠪᠠ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠮᠲᠤᠷᠠᠯᠴᠠᠭᠠᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠬᠠᠮᠲᠤᠷᠠᠯᠴᠠᠭᠠᠨ ᠤ ᠵᠦᠢᠯᠡᠰ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠳᠤ ᠨᠡᠩ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠸᠠᠩ ᡁᠢ ᠴᠢᠶᠠᠩ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠲᠤᠬᠠᠢ 3 ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠲᠡᠷᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠲᠤ ᠦᠵᠡᠭᠦᠯᠬᠦ ᠪᠦᠬᠦ ᠬᠡᠯᠬᠢᠶ᠎ᠡ ᠶᠢᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ︔ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃        ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠶᠢᠨ ᠲᠣᠭᠤᠷᠢᠨ ᠳᠤ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠪᠠ᠃ ᠬᠤᠷᠠᠯ ᠤᠨ ᠠᠬᠤᠶ ᠲᠠᠯᠠᠪᠠᠶ ᠳᠤ᠂ ︽ᠡᠪᠡᠰᠦ ᠪᠡᠯᠴᠢᠭᠡᠷ ᠤᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠰᠤᠳᠤᠯᠭᠠᠨ ᠪᠠ ᠵᠢᠱᠢᠶ᠎ᠡ ᠦᠵᠡᠭᠦᠯᠦᠯᠭᠡ︾ ︽ᠡᠪᠡᠰᠦ ᠪᠡᠯᠴᠢᠭᠡᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠵᠢᠱᠢᠶ᠎ᠡ ᠦᠵᠡᠭᠦᠯᠦᠯᠭᠡ︾ ᠵᠡᠷᠭᠡ 10 ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃        ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠰᠠᠷᠠᠴᠢᠨ ᠲᠠᠷᠢᠶᠠᠯᠠᠩ ᠮᠠᠯ ᠠᠵᠤ ᠠᠬᠤᠢ ᠶᠢᠨ ᠰᠣᠯᠪᠢᠴᠠᠯ ᠲᠣᠭᠤᠷᠢᠭ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠳᠤ ᠬᠦᠷᠴᠦ᠂ ᠲᠤᠬᠠᠢ ᠶᠢᠨ ᠲᠠᠯᠠᠪᠠᠢ ᠳᠤ ᠲᠠᠯ᠎ᠠ ᠨᠤᠲᠤᠭ ᠤᠨ ᠡᠪᠡᠰᠦ ᠪᠡᠯᠴᠢᠭᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠣᠭᠤᠷᠢᠨ ᠦᠵᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号