| | 7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ | 2021 ᠣᠨ ᠤ ᠳᠣᠤᠷ᠎ᠠ ᠬᠠᠭᠠᠰ ᠵᠢᠯ ᠤᠨ ᠪᠥᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢᠨ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠣᠤ | ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠳᠤ | ᠣᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠴᠢᠬᠤᠯᠠ | ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠸᠠᠺᠼᠢᠨ ᠤ ᠲᠠᠷᠢᠯᠭ᠎ᠠ ᠶᠢ ᠰᠠᠶᠢᠲᠤᠷ | ᠬᠢᠬᠦ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠷᠭ᠎ᠠ ᠪᠠᠷᠢᠯ ᠪᠣᠯᠭᠠᠵᠤ᠂ ᠨᠢᠭᠡᠳᠦᠯᠲᠡᠶ | ᠲᠦᠯᠦᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ | ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ︽ᠨᠠᠮ ᠤᠨ ᠬᠤᠷᠢᠶ᠎ᠠ ᠵᠠᠰᠠᠭ ᠤᠨ ᠣᠷᠳᠣᠨ | ᠬᠥᠮᠦᠨ ᠡᠷᠢᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠷᠢᠯᠭ᠎ᠠ ᠲᠠᠷᠢᠬᠤ︾ ᠵᠠᠷᠴᠢᠮ | ᠶᠣᠰᠣᠭᠠᠷ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ᠂ ᠰᠤᠷᠭᠠᠭᠤᠯᠢ ᠵᠡᠷᠭᠡ ᠲᠠᠯ᠎ᠠ ᠶᠢᠨ ᠵᠣᠬᠢᠶᠠᠨ | ᠪᠠᠶᠢᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠠᠷᠢᠬᠤ ᠶᠣᠰᠣᠲᠠᠶ ᠶᠢ ᠨᠢ ᠪᠦᠬᠦᠨ ᠢ ᠲᠠᠷᠢᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠬᠠᠷᠠᠯᠲᠠ ᠪᠠᠨ ᠴᠢᠩᠭ᠎ᠠ ᠣᠨᠢᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ | ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠂ | ᠲᠠᠷᠢᠯᠭ᠎ᠠ ᠲᠠᠷᠢᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠡᠢ᠃ |