ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ 2021 ᠣᠨ ᠤ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠡᠰ ᠤᠨ ᠲᠦᠷᠦᠭᠦᠴᠦᠳ ᠤᠨ ᠬᠤᠷᠠᠯ ᠵᠢᠴᠢ ᠪᠦᠬᠦ ᠤᠯᠤᠰ ᠤᠨ ᠰᠢᠯᠢᠳᠡᠭ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠠᠮᠵᠢᠨ ᠠᠬᠢᠭᠤᠯᠬᠤ ᠶᠡᠭᠡ ᠬᠤᠷᠠᠯ ᠳᠤ ᠣᠷᠣᠯᠴᠠᠬᠤ ᠴᠢᠬᠤᠯᠠ ᠵᠣᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2021/7/21
       7 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠬᠥᠬᠡᠬᠤᠲᠠ ᠳᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠰᠢᠤᠢ ᠯᠧ ᠵᠢᠶᠠᠩ ᠵᠡᠷᠬᠡ 2021 ᠣᠨ ᠤ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠠᠰ ᠤᠨ ᠲᠦᠷᠦᠭᠦᠴᠦᠳ ᠤᠨ ᠬᠤᠷᠠᠯ ᠵᠢᠴᠢ ᠪᠥᠬᠦ ᠤᠯᠤᠰ ᠤᠨ ᠰᠢᠯᠢᠳᠡᠭ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠲᠠᠮᠵᠢᠨ ᠠᠬᠢᠭᠤᠯᠬᠤ ᠶᠡᠭᠡ ᠬᠤᠷᠠᠯ ᠳᠤ ᠣᠷᠣᠯᠴᠠᠬᠤ ᠪᠠᠷ ᠮᠠᠨ ᠤ ᠤᠷᠤᠨ ᠳᠤ ᠢᠷᠡᠭᠰᠡᠨ ᠴᠢᠬᠤᠯᠠ ᠵᠣᠴᠢᠳ ᠲᠠᠢ ᠠᠭᠤᠯᠵᠠᠵᠠᠢ᠃        ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠡᠷᠬᠢᠮ ᠵᠣᠴᠢᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠷᠲᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠥᠷ ᠮᠣᠩᠭᠤᠯ ᠤᠨ ᠪᠠᠶᠢᠳᠠᠯ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠱᠢ ᠲᠠᠢ ᠹᠧᠩ᠂ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠬᠥᠭᠵᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠠᠶ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠳᠡᠮᠵᠢᠯᠭᠡ ᠶᠢᠨ ᠴᠢᠨᠠᠷᠲᠠᠶ ᠵᠣᠷᠢᠭᠵᠢᠭᠤᠯᠬᠤ ᠴᠢᠨᠠᠷᠲᠠᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠦᠷᠭᠦᠯᠵᠢᠯᠡᠨ ᠥᠪᠥᠷ ᠮᠣᠩᠭᠤᠯ ᠳᠤ ᠬᠦᠴᠦᠲᠡᠶ ᠳᠡᠮᠵᠢᠯᠭᠡ ᠦᠵᠡᠭᠦᠯᠵᠦ᠂ ᠨᠠᠩ ᠣᠯᠠᠨ ᠴᠢᠨᠠᠷ ᠰᠠᠶᠢᠲᠠᠶ ᠠᠵᠤ ᠠᠬᠤᠶᠢᠯᠠᠯ ᠢ ᠳᠠᠶᠢᠴᠢᠯᠠᠨ ᠥᠪᠥᠷ ᠮᠣᠩᠭᠤᠯ ᠳᠤ ᠢᠷᠡᠭᠦᠯᠵᠤ ᠪᠠᠯᠠ ᠣᠷᠣᠭᠤᠯᠤᠨ ᠦᠢᠯᠡᠰ ᠪᠤᠰᠬᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠪᠢᠳᠡ ᠡᠯ᠎ᠡ ᠠᠵᠤ ᠠᠬᠤᠶᠢᠯᠠᠯᠲᠠᠨ ᠤ ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠪᠤᠰᠬᠠᠬᠤ ᠶᠢ ᠬᠠᠯᠠᠭᠤᠨ ᠢᠶᠠᠷ ᠤᠭᠲᠤᠵᠤ᠂ ᠯᠠᠪᠲᠠᠶ ᠬᠠᠮᠤᠭ ᠤᠨ ᠬᠦᠴᠦᠲᠡᠶ ᠪᠠᠲᠤᠯᠠᠭ᠎ᠠ ᠪᠠ ᠬᠠᠮᠤᠭ ᠤᠨ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠣᠯᠠᠨ ᠢ ᠦᠨᠡᠨ ᠬᠦ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠠᠵᠢᠯᠯᠠᠵᠤ᠂ ᠠᠰᠢᠭ ᠤᠯᠬᠤ ᠲᠠᠯ᠎ᠠ ᠪᠠᠷ ᠰᠡᠳᠬᠢᠯ ᠬᠠᠨᠤᠮᠵᠢᠲᠠᠶ ᠪᠠᠶᠢᠯᠭᠠᠨ᠎ᠠ ᠬᠡᠪᠡ᠃        ᠭᠤᠤ ᠶᠦᠨ ᠯᠦᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠯᠠᠨ ᠵᠢᠯ ᠤᠨ ᠲᠤᠷᠰᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠪᠠ᠃ ᠲᠡᠷᠡ᠂ ᠤᠢᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢᠶᠠᠨ ᠯᠠᠪᠳᠠᠭᠤᠨ ᠬᠦᠴᠦᠲᠡᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠬᠦᠳᠴᠦ ᠦᠭᠴᠡᠢ᠃ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠠᠷᠭ᠎ᠠ ᠤᠬᠠᠭᠠᠨ ᠭᠠᠷᠭᠠᠨ ᠦᠭᠴᠦ᠂ ᠨᠠᠩ ᠣᠯᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠬᠥᠭᠵᠢᠬᠦ ᠳᠤ ᠬᠥᠭᠦᠷᠭᠡ ᠬᠤᠯᠪᠣᠭᠠᠰᠤ ᠪᠣᠯᠵᠣ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃        ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠳ᠋ᠤᠸᠠᠨ ᡁᠢ ᠴᠢᠶᠠᠩ᠂ ᠠᠶ ᠯᠢ ᠬᠤᠸᠠ᠂ ᠯᠢ ᠪᠢᠩ ᠷᠦᠩ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠠᠷᠠᠳ ᠤᠨ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠥᠩᠭᠡᠷᠡᠭᠰᠡᠨ ᠬᠤᠭᠤᠴᠠᠭᠠᠨ ᠤ ᠠᠵᠤ ᠠᠬᠤᠶᠢᠯᠠᠯᠲᠠᠨ ᠤ ᠳᠡᠳ᠋ ᠲᠡᠷᠢᠭᠦᠯᠡᠭᠴᠢ᠂ ᠳᠡᠳ᠋ ᠳᠠᠷᠤᠭ᠎ᠠ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠥᠷᠪᠡᠳᠦᠭᠡᠷ ᠲᠣᠪᠴᠢᠶ᠎ᠠ ᠶᠢᠨ ᠬᠠᠷᠢᠭᠤᠴᠠᠯᠭᠠᠲᠠᠨ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠶ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号