ᠥᠪᠥᠷ ᠮᠣᠩᠭᠤᠯ᠄ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ ᠪᠠᠲᠤᠯᠠᠭ᠎ᠠ ᠬᠠᠩᠭᠠᠯᠭ᠎ᠠ ᠶᠢᠨ ᠠᠵᠢᠯᠯᠠᠭᠠᠨ ᠢ ᠲᠣᠭᠲᠠᠭᠤᠨ ᠢᠶᠠᠷ ᠶᠠᠪᠤᠭᠳᠠᠭᠤᠯᠵᠤ ᠪᠣᠶ
ᠨᠡᠶᠢᠲᠡᠯᠡᠭᠰᠡᠨ ᠴᠠᠭ᠄
2021/7/22
           7 ᠳ᠋ᠤᠭᠠᠷ ᠰᠠᠷ᠎ᠠ ᠶᠢᠨ 20 ᠤ ᠡᠳᠦᠷ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠵᠦᠢᠯ ᠤᠨ ᠠᠵᠢᠯᠯᠠᠭ᠎ᠠ ᠥᠷᠨᠢᠭᠦᠯᠵᠦ᠂ ᠠᠭᠤᠰᠬᠢ ᠲᠣᠭᠤᠰᠤᠳᠤᠯ ᠡᠪᠡᠳᠴᠢᠨ ᠤ ᠭᠤᠤᠯᠳᠠᠯᠭ᠎ᠠ ᠲᠠᠢ ᠠᠵᠢᠯ ᠲᠥᠷᠥᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠭᠤᠯᠵᠤ ᠨᠢᠭᠡᠳᠦᠯᠲᠡᠶ ᠲᠥᠯᠥᠪᠯᠡᠬᠦ ᠠᠵᠢᠯ ᠢ ᠭᠦᠨᠵᠡᠭᠡᠢ ᠠᠬᠢᠭᠤᠯᠵᠤ ᠪᠠᠶᠢᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰ ᠲᠣᠰ 1581.9 ᠲᠦᠮᠡᠨ ᠬᠥᠮᠦᠨ᠂ 335.3 ᠲᠦᠮᠡᠨ ᠬᠥᠮᠦᠨ ᠪᠠ 281.4 ᠲᠦᠮᠡᠨ ᠬᠥᠮᠦᠨ ᠳᠤ ᠬᠥᠷᠪᠡ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ ᠦᠷᠭᠡᠳᠬᠡᠬᠦ ᠠᠵᠢᠯ ᠨᠢ ᠨᠢᠭᠡᠨᠲᠡ ᠤᠯᠤᠰ ᠠᠴᠠ ᠪᠠᠭᠤᠯᠭᠠᠭᠰᠠᠨ ᠲᠥᠯᠥᠪᠯᠡᠭᠡ ᠶᠢᠨ ᠬᠠᠷᠠᠯᠲᠠ ᠶᠢ ᠪᠡᠶᠡᠯᠡᠭᠦᠯᠵᠦ᠂ ᠠᠵᠢᠯ ᠠᠯᠳᠠᠭᠰᠠᠳ ᠤᠨ ᠳᠠᠭᠠᠳᠬᠠᠯ ᠨᠢ ᠤᠯᠤᠰ ᠠᠴᠠ ᠪᠠᠭᠤᠯᠭᠠᠭᠰᠠᠨ ᠲᠥᠯᠥᠪᠯᠡᠭᠡ ᠶᠢᠨ 99.8% ᠶᠢ ᠪᠡᠶᠡᠯᠡᠭᠦᠯᠵᠡᠢ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠤᠯᠠᠮ ᠨᠢᠭᠡ ᠠᠯᠬᠤᠮ ᠥᠷᠭᠡᠳᠪᠡ᠃        ᠣᠶᠢᠯᠠᠭᠠᠭᠰᠠᠨ ᠢᠶᠠᠷ᠂ ᠥᠪᠥᠷ ᠮᠣᠩᠭᠤᠯ ᠡᠨᠡ ᠵᠢᠯ ᠥᠭᠡᠷᠡᠴᠢᠯᠡᠯᠲᠡ ᠶᠢ ᠠᠳᠬᠤᠬᠤ᠂ ᠬᠡᠪᠴᠢᠶ᠎ᠡ ᠶᠢ ᠥᠷᠭᠡᠳᠬᠡᠬᠦ ᠶᠢ ᠠᠬᠢᠭᠤᠯᠬᠤ᠂ ᠲᠦᠭᠰᠢᠭᠦᠷᠢ ᠶᠢ ᠰᠡᠷᠭᠡᠶᠢᠯᠡᠬᠦ᠂ ᠲᠠᠷᠬᠠᠭᠠᠯᠲᠠ ᠶᠢ ᠪᠠᠲᠤᠯᠠᠬᠤ ᠲᠠᠯ᠎ᠠ ᠪᠠᠷ ᠬᠦᠴᠦᠯᠡᠨ᠂ ᠨᠡᠶᠢᠭᠡᠮ ᠤᠨ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ ᠤᠨ ᠲᠦᠷᠢᠮ ᠲᠣᠭᠲᠠᠭᠤᠨ ᠢᠶᠠᠷ ᠠᠵᠢᠯᠯᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠳᠠᠭᠠᠭᠠᠨ ᠪᠠᠲᠤᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ ᠡᠭᠦᠨ ᠳᠤ ᠭᠤᠣᠯᠳᠠᠭᠤ᠄ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠪᠡ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠶᠢ ᠤᠷᠤᠭᠰᠢᠲᠠᠶ ᠬᠡᠷᠡᠭᠵᠢᠭᠦᠯᠵᠦ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠰᠠᠭᠤᠷᠢ ᠮᠥᠩᠭᠦ ᠶᠢ ᠪᠥᠬᠦ ᠣᠷᠣᠨ ᠳᠤ ᠨᠢᠭᠡᠳᠦᠯᠲᠡᠶ ᠲᠥᠪᠯᠡᠷᠡᠭᠦᠯᠦᠨ ᠬᠠᠮᠢᠶᠠᠷᠴᠤ᠂ ᠪᠥᠬᠦ ᠴᠣᠪᠤᠷᠠᠯ ᠤᠨ ︽ᠣᠷᠣᠯᠭ᠎ᠠ ᠵᠠᠷᠤᠯᠭ᠎ᠠ ᠶᠢ ᠠᠰ ᠲᠤ ᠨᠢ ᠪᠣᠳᠤᠬᠤ︾ ᠪᠥᠬᠦ ᠲᠤᠭ᠎ᠠ ᠪᠠᠷ ᠲᠤᠰᠢᠶᠠᠵᠤ ᠰᠠᠯᠭᠠᠨ ᠥᠭᠬᠦ ᠶᠢ ᠪᠡᠶᠡᠯᠡᠭᠦᠯᠪᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠲᠡᠭᠦᠯᠳᠡᠷᠵᠢᠭᠦᠯᠵᠦ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠠᠵᠢᠯ ᠢ ᠭᠦᠨᠵᠡᠭᠡᠶ ᠠᠬᠢᠭᠤᠯᠪᠠ᠃ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠪᠡ᠃ 2021 ᠣᠨ ᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ 2021 ᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠥᠰᠦᠯ ᠢ ᠲᠣᠭᠲᠠᠭᠠᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠨᠲᠡ ᠪᠦᠬᠦᠨ ᠢ ᠪᠡᠶᠡᠯᠡᠭᠦᠯᠵᠦ ᠂ ᠰᠠᠷ᠎ᠠ ᠪᠦᠷᠢ ᠶᠢᠨ ᠬᠥᠮᠦᠨ ᠳᠤᠮᠳᠠᠴᠢ 4.5% ᠪᠠᠷ ᠨᠡᠮᠡᠭᠳᠡᠭᠦᠯᠵᠦ᠂ ᠪᠥᠬᠦ ᠣᠷᠣᠨ ᠤ 310 ᠭᠠᠷᠤᠶ ᠲᠦᠮᠡᠨ ᠠᠵᠢᠯ ᠠᠴᠠ ᠪᠠᠨ ᠠᠮᠠᠷᠠᠭᠰᠠᠳ ᠲᠤ ᠠᠰᠢᠭ ᠬᠦᠷᠲᠡᠭᠡᠪᠡ᠃ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠯᠳᠤᠭᠤᠯᠬᠤ ᠪᠠ ᠬᠤᠪᠢᠶᠠᠷᠢᠯᠠᠨ ᠰᠢᠢᠳᠪᠦᠷᠢᠯᠡᠵᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠶᠠᠭ ᠰᠠᠶᠢᠬᠠᠨ ᠶᠠᠪᠤᠭᠳᠠᠵᠤ ᠪᠠᠶᠢᠭ᠎ᠠ ᠪᠣᠢ ᠪᠦᠬᠦᠢ ᠲᠤᠬᠠᠶᠢᠯᠠᠭᠰᠠᠨ ᠠᠵᠢᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 6.26 ᠲᠦᠮᠡᠨ ᠬᠤᠪᠢ ᠦᠯᠡᠳᠡᠭᠡᠯ ᠲᠤᠬᠠᠶᠢᠯᠠᠭᠰᠠᠨ ᠠᠵᠢᠯ ᠢ ᠬᠤᠪᠢᠶᠠᠷᠢᠯᠠᠨ ᠰᠢᠢᠳᠪᠦᠷᠢᠯᠡᠬᠦ ᠪᠠ ᠴᠡᠭᠴᠡᠯᠡᠨ ᠵᠠᠰᠠᠵᠤ᠂ ᠬᠠᠷᠠᠯᠲᠠ ᠶᠢᠨ ᠢᠶᠠᠨ 62.2% ᠢ ᠪᠡᠶᠡᠯᠡᠭᠦᠯᠪᠡ︔ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ 2160.8 ᠲᠦᠮᠡᠨ ᠺᠠᠷᠲ ᠢ ᠦᠢᠯᠡᠳᠦᠨ ᠲᠠᠷᠬᠠᠭᠠᠵᠤ᠂ ᠺᠠᠷᠲ ᠲᠠᠢ ᠪᠣᠯᠤᠭᠰᠠᠨ ᠪᠦᠷᠬᠦᠴᠡ ᠶᠢᠨ ᠨᠤᠷᠮ᠎ᠠ ᠨᠢ 90% ᠳᠤ ᠬᠦᠷᠴᠦ᠂ ᠵᠠᠰᠠᠭ ᠤᠨ ᠶᠠᠪᠤᠳᠠᠯ ᠤᠨ ᠲᠦᠷᠦᠯ᠂ ᠪᠠᠩᠬᠢ ᠶᠢᠨ ᠲᠦᠷᠦᠯ ᠵᠢᠴᠢ ᠸᠢᠴᠠᠲ ᡁᠢ ᠹᠦ᠋ ᠪᠣᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠡᠯᠧᠺᠳ᠋ᠷᠣᠨ ᠺᠠᠷᠲ ᠭᠦᠢᠴᠡᠳᠬᠡᠬᠦ ᠳᠤ ᠭᠠᠷ ᠤᠨ ᠦᠰᠦᠭ ᠵᠢᠷᠤᠵᠤ ᠶᠠᠪᠤᠭᠤᠯᠬᠤ ᠠᠷᠭ᠎ᠠ ᠵᠠᠮ ᠢ ᠨᠡᠶᠢᠳᠡ 26 ᠨᠡᠭᠡᠭᠡᠨ ᠨᠡᠪᠲᠡᠷᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠨᠡᠶᠢᠲᠡ 562.2 ᠲᠦᠮᠡᠨ ᠡᠯᠧᠺᠳ᠋ᠷᠣᠨ ᠺᠠᠷᠲ ᠢ ᠭᠠᠷ ᠤᠨ ᠦᠰᠦᠭ ᠵᠢᠷᠦᠵᠤ ᠲᠠᠷᠬᠠᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号