| | ᠪᠥᠬᠦ ᠬᠤᠲᠠ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 12151 ᠲᠥᠭᠦᠷᠢᠭ ᠲᠤ ᠬᠦᠷᠴᠦ᠂ ᠨᠡᠮᠡᠭᠳᠡᠯ ᠬᠤᠷᠳᠤᠴᠠ ᠨᠢ ᠪᠥᠬᠦ ᠣᠷᠣᠨ ᠤ ᠬᠤᠶᠠᠳᠤᠭᠠᠷ ᠲᠤ ᠣᠷᠣᠪᠠ | ᠲᠦᠷᠦᠭᠦᠬᠡᠨ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠡᠨᠡ ᠵᠢᠯ ᠤᠨ ᠳᠡᠭᠡᠷ᠎ᠡ ᠬᠠᠭᠠᠰ | ᠵᠢᠯ ᠤᠨ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠪᠡ᠃ ᠮᠠᠨ ᠤ ᠬᠤᠲᠠ ᠶᠢᠨ | ᠡᠯ᠎ᠡ ᠭᠠᠵᠠᠷ ᠣᠷᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠵᠤ | ᠠᠬᠤᠶ ᠶᠢᠨ ᠠᠵᠢᠯᠯᠠᠭᠠᠨ ᠢ ᠲᠣᠭᠲᠠᠭᠤᠨ ᠢᠶᠠᠷ ᠰᠠᠶᠢᠵᠢᠷᠠᠭᠤᠯᠬᠤ ᠶᠢ ᠪᠡᠶᠡᠯᠡᠭᠦᠯᠵᠦ᠂ ᠪᠠᠶᠠᠷᠯᠠᠭᠤᠰᠢᠲᠠᠶ ᠲᠤᠭ᠎ᠠ | ᠪᠠᠷᠢᠮᠲᠠ ᠣᠯᠪᠠ᠃ | ᠠᠶᠢᠮᠠᠭ ᠬᠤᠳᠠ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ | ᠦᠷ᠎ᠡ ᠳ᠋ᠦᠩ ᠢ ᠦᠨᠳᠦᠰᠦᠯᠡᠪᠡᠯ᠂ 2021 ᠣᠨ ᠤ ᠳᠡᠭᠡᠷ᠎ᠡ ᠬᠠᠭᠠᠰ ᠵᠢᠯ ᠳᠤ ᠪᠦᠬᠦ ᠬᠤᠳᠠ ᠶᠢᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 848.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.8% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 3.9% ᠨᠡᠮᠡᠭᠳᠡᠵᠡᠢ᠃ | ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 84.8 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 1.6% ᠨᠡᠮᠡᠭᠳᠡᠵᠡᠶ᠃ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 280.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.5% ᠪᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 5.4% ᠪᠠᠷ ᠨᠡᠮᠡᠭᠳᠡᠪᠡ᠃ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 482.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.9% ᠪᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 3.6% ᠪᠠᠷ ᠨᠡᠮᠡᠭᠳᠡᠵᠡᠶ᠃ | | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠠᠭᠤᠰᠬᠤ ᠶᠢ ᠳᠠᠭᠠᠯᠳᠤᠨ᠂ ᠮᠠᠨ ᠤ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠳᠠᠯ ᠦᠨᠳᠦᠰᠦᠨ ᠳᠡᠭᠡᠨ ᠲᠣᠭᠲᠠᠭᠤᠨ ᠪᠠᠶᠢᠵᠤ᠂ | ᠪᠥᠬᠦ ᠬᠤᠲᠠ ᠶᠢᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠲᠦᠷᠦᠭᠦᠤ ᠬᠠᠭᠠᠰ | ᠵᠢᠯ ᠤᠨ ᠦᠶ᠋ᠯᠡᠳᠬᠦᠨ ᠤ ᠪᠥᠬᠦ ᠥᠷᠲᠡᠭ 158.8 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ | ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠡᠭᠦᠨ ᠳᠤ᠂ | ᠲᠠᠷᠢᠶᠠᠯᠠᠩ ᠤᠨ ᠦᠢᠯᠡᠳᠬᠦᠨ ᠤ ᠶᠡᠷᠦᠩᠬᠡᠶ ᠦᠷᠳᠡᠭ 30.4 ᠳ᠋ᠦᠩᠰᠢᠭᠤᠷ ᠲᠥᠭᠦᠷᠢᠭ ᠲᠤ ᠬᠦᠷᠴᠦ᠂ 1. | 4% ᠨᠢ ᠪᠠᠭ᠎ᠠ ᠬᠡᠮᠵᠢᠶ᠎ᠡ ᠪᠠᠷ ᠪᠠᠭᠤᠷᠠᠵᠤ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ | ᠠᠬᠤᠶ ᠶᠢᠨ ᠦᠢᠯᠡᠳᠬᠦᠨ ᠤ ᠶᠡᠷᠦᠩᠬᠡᠶ ᠦᠷᠳᠡᠭ ᠤᠨ 19.1% ᠶᠢ ᠡᠵᠡᠯᠡᠪᠡ᠃ ᠮᠠᠯ ᠠᠵᠤ ᠠᠬᠤᠶ ᠦᠷᠭᠦᠯᠵᠢᠯᠡᠨ | ᠬᠦᠴᠦᠯᠡᠵᠦ᠂ ᠦᠢᠯᠡᠳᠬᠦᠨ ᠤ ᠶᠡᠷᠦᠩᠬᠡᠶ ᠦᠷᠳᠡᠭ 113.6 ᠳ᠋ᠦᠩᠰᠢᠭᠤᠷ ᠲᠥᠭᠦᠷᠢᠭ ᠲᠤ ᠬᠦᠷᠴᠦ᠂ 7. | 9% ᠪᠠᠷ ᠨᠡᠮᠡᠭᠳᠡᠵᠦ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ | ᠶᠡᠷᠦᠩᠬᠡᠶ ᠦᠷᠳᠡᠭ ᠤᠨ 71.5% ᠶᠢ ᠡᠵᠡᠯᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠭᠡᠨ ᠢᠶᠠᠷ ᠨᠡᠮᠡᠭᠳᠡᠵᠦ᠂ ᠠᠵᠤ ᠠᠬᠤᠶᠢᠯᠠᠯ ᠤᠨ ᠦᠷ᠎ᠡ | ᠠᠰᠢᠭ ᠢᠯᠡᠳᠲᠡ ᠳᠡᠭᠡᠭᠰᠢᠯᠡᠪᠡ᠃ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠡᠭᠡᠷ᠎ᠡ | ᠬᠠᠭᠠᠰ ᠵᠢᠯ ᠳᠤ ᠲᠦᠷᠭᠡᠨ ᠨᠡᠮᠡᠭᠳᠡᠯ ᠢ ᠪᠡᠶᠡᠯᠡᠭᠦᠯᠵᠦ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠪᠡ᠃ | ᠡᠨᠧᠷᠭᠢ ᠶᠢᠨ ᠰᠤᠷᠪᠤᠯᠵᠢ᠂ ᠲᠡᠮᠦᠷᠯᠢᠭ ᠪᠣᠯᠪᠠᠰᠤᠷᠠᠭᠤᠯᠬᠤ᠂ ᠢᠳᠡᠭᠡᠨ᠂ ᠡᠮ ᠡᠮᠨᠡᠯᠭᠡ᠂ ᠪᠠᠷᠢᠯᠭ᠎ᠠ ᠶᠢᠨ ᠮᠠᠲ᠋ᠧᠷᠢᠶᠠᠯ᠂ | ᠨᠡᠬᠡᠮᠡᠯ᠂ ᠬᠢᠮᠢ ᠶᠢᠨ ᠠᠵᠤ ᠦᠢᠯᠡᠳᠪᠦᠷᠢ ᠪᠠ ᠮᠧᠬᠠᠨᠢᠭ ᠦᠢᠯᠡᠳᠬᠦ ᠵᠡᠷᠭᠡ ᠨᠠᠢᠮᠠᠨ ᠭᠤᠣᠯᠳᠠᠯᠭ᠎ᠠ ᠲᠠᠢ ᠠᠵᠢᠯ | ᠲᠦᠷᠦᠯ ᠤᠨ ᠨᠡᠮᠡᠭᠳᠡᠯ ᠦᠷᠳᠡᠭ 11% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ | ᠲᠠᠶᠢᠴᠢᠯᠠᠨ 10.8 ᠵᠠᠭᠤᠨ ᠤ ᠨᠢᠭᠡᠴᠢ ᠨᠡᠮᠡᠭᠳᠡᠭᠦᠯᠪᠡ᠃ ᠡᠭᠦᠨ ᠤ ᠵᠡᠷᠭᠡ ᠳᠤ᠂ ᠠᠵᠢᠯ ᠲᠥᠷᠥᠯ ᠤᠨ ᠨᠡᠮᠡᠭᠳᠡᠯ ᠤᠨ | ᠬᠡᠪᠴᠢᠶ᠎ᠡ ᠴᠦ ᠤᠯᠠᠮ ᠨᠢᠭᠡ ᠠᠯᠬᠤᠮ ᠥᠷᠭᠡᠳᠴᠦ᠂ ᠪᠥᠬᠦ ᠬᠤᠲᠠ ᠶᠢᠨ 28 ᠠᠵᠢᠯ ᠲᠥᠷᠥᠯ ᠤᠨ ᠶᠡᠭᠡ | ᠲᠥᠷᠥᠯ ᠤᠨ ᠳᠣᠲᠣᠷ᠎ᠠ᠂ 25 ᠠᠵᠢᠯ ᠲᠥᠷᠥᠯ ᠤᠨ ᠨᠡᠮᠡᠭᠳᠡᠯ ᠥᠷᠲᠡᠭ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ | ᠨᠡᠮᠡᠭᠳᠡᠯ ᠤᠨ ᠬᠡᠪᠴᠢᠶ᠎ᠡ ᠨᠢ 89.3% ᠳᠤ ᠬᠦᠷᠴᠡᠶ᠃ ᠪᠥᠬᠦ ᠬᠤᠲᠠ ᠶᠢᠨ ᠬᠤᠯᠪᠣᠭᠳᠠᠯ ᠪᠥᠬᠦᠶ ᠠᠵᠤ | ᠠᠬᠤᠶᠢᠯᠠᠯ ᠤᠨ ᠦᠷ᠎ᠡ ᠠᠰᠢᠭ ᠴᠤ ᠳᠠᠭᠠᠯᠳᠤᠨ ᠳᠡᠭᠡᠭᠰᠢᠯᠡᠪᠡ᠂ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 | — 5 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 603 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 38.4% ᠪᠠᠷ ᠨᠡᠮᠡᠭᠳᠡᠨ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ | ᠲᠤᠭ᠎ᠠ 37.4 ᠳ᠋ᠦᠩᠰᠢᠭᠤᠷ ᠲᠥᠭᠦᠷᠢᠭ ᠲᠤ ᠬᠦᠷᠴᠦ᠂ 1.3 ᠳᠠᠬᠢᠨ ᠢᠶᠠᠷ ᠨᠡᠮᠡᠭᠳᠡᠪᠡ᠃ | ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠦᠷᠭᠦᠯᠵᠢᠯᠡᠨ ᠰᠡᠷᠭᠦᠵᠦ᠂ ᠪᠥᠬᠦ ᠬᠤᠲᠠ ᠶᠢᠨ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 482.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.9% ᠪᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ | ᠥᠷᠲᠡᠭ ᠤᠨ 56.9% ᠶᠢ ᠡᠵᠡᠯᠡᠪᠡ᠃ 1 — 5 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 32.8 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠪᠡ᠃ | ᠦᠢᠯᠡᠴᠢᠯᠡᠭᠡᠨ ᠤ ᠦᠢᠯᠡᠰ ᠤᠨ 17 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 13 ᠠᠵᠢᠯ | ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ 76. | 5% ᠪᠣᠯᠤᠨ᠎ᠠ᠃ ᠰᠢᠦᠳᠠᠨ ᠤ ᠶᠠᠪᠤᠳᠠᠯ ᠤᠨ ᠲᠦᠷᠭᠡᠨ ᠬᠦᠷᠭᠡᠬᠦ ᠠᠵᠢᠯ ᠲᠦᠷᠭᠡᠨ ᠢᠶᠠᠷ ᠬᠥᠭᠵᠢᠪᠡ᠃ ᠲᠦᠷᠦᠭᠦᠤ | ᠬᠠᠭᠠᠰ ᠵᠢᠯ ᠳᠤ᠂ ᠰᠢᠤᠳᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ 4.9 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 54.8% ᠪᠠᠷ ᠨᠡᠮᠡᠭᠳᠡᠪᠡ᠃ ᠲᠦᠷᠭᠡᠨ ᠬᠦᠷᠭᠡᠯᠲᠡ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ 1627 ᠲᠦᠮᠡᠨ ᠬᠤᠪᠢ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 58% ᠪᠠᠷ ᠨᠡᠮᠡᠭᠳᠡᠪᠡ᠃ | ᠪᠥᠬᠦ ᠬᠤᠲᠠ ᠶᠢᠨ ᠡᠯ᠎ᠡ ᠠᠵᠢᠯ ᠲᠥᠷᠥᠯ ᠲᠣᠭᠲᠠᠭᠤᠨ ᠢᠶᠠᠷ ᠰᠠᠶᠢᠵᠢᠷᠠᠵᠤ᠂ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠨᠢ ᠪᠥᠬᠦ ᠬᠤᠲᠠ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ︽ | ᠠᠬᠢᠭᠤᠯᠤᠭᠴᠢ︾ ᠪᠣᠯᠤᠭᠰᠠᠨ ᠤ ᠬᠤᠪᠢ ᠳᠤ ᠮᠥᠨ ᠴᠦ ᠢᠯᠡᠳᠲᠡ ᠨᠡᠮᠡᠭᠳᠡᠯ ᠲᠠᠢ ᠪᠣᠯᠤᠭᠰᠠᠨ ᠪᠠᠶᠢᠨ᠎ᠠ᠃ | ᠲᠦᠷᠦᠭᠦᠤ ᠬᠠᠭᠠᠰ ᠵᠢᠯ ᠳᠤ᠂ ᠮᠠᠨ ᠤ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠪᠠᠭᠲᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 19.7% ᠪᠠᠷ ᠨᠡᠮᠡᠭᠳᠡᠪᠡ᠃ | ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ | ᠣᠷᠣᠭᠤᠯᠤᠯᠲᠠ 27.2% ᠢᠶᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠠᠯᠠ ᠣᠷᠣᠭᠤᠯᠤᠯᠲᠠ 10.3% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠠᠯᠠ | ᠣᠷᠣᠭᠤᠯᠤᠯᠲᠠ 77.5% ᠪᠠᠷ ᠨᠡᠮᠡᠭᠳᠡᠵᠦ᠂ ᠠᠷᠠᠳ ᠤᠨ ᠪᠠᠯᠠ ᠣᠷᠣᠭᠤᠯᠤᠯᠲᠠ 19.2% ᠢᠶᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 6% ᠪᠠᠷ | ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 77.5% ᠪᠠᠷ ᠨᠡᠮᠡᠭᠳᠡᠵᠦ᠂ ᠭᠤᠷᠪᠠᠳᠤᠭᠠᠷ | ᠠᠵᠤ ᠦᠢᠯᠡᠰ ᠤᠨ ᠪᠠᠯᠠ ᠣᠷᠣᠭᠤᠯᠤᠯᠲᠠ 11.1% ᠪᠠᠷ ᠨᠡᠮᠡᠭᠳᠡᠪᠡ᠃ |