ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠲᠥᠪ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠣᠬᠢᠷᠠᠭᠤᠯᠤᠨ ᠪᠠᠶᠢᠷᠢᠯᠠᠭᠤᠯᠵᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠪᠠ
ᠨᠡᠶᠢᠲᠡᠯᠡᠭᠰᠡᠨ ᠴᠠᠭ᠄
2021/7/22
             7 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠪᠠ᠃        ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ ᠭᠡᠳᠡᠭ ᠢ ᠰᠡᠷᠭᠡᠭ ᠢᠶᠠᠷ ᠲᠠᠨᠢᠨ ᠮᠡᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠵᠠᠪᠠᠯ ᠪᠦᠷᠢᠨ ᠪᠦᠲᠦᠨ ᠡᠵᠡᠮᠳᠡᠵᠦ᠂ ᠵᠥᠪ ᠣᠨᠣᠪᠴᠢᠲᠠᠢ ᠣᠶᠢᠯᠠᠭᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠬᠦᠷᠢᠶ᠎ᠡ ᠴᠠᠷᠠᠭᠠᠨ ᠳᠤ ᠲᠤᠭᠤᠰᠢᠯᠠᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠪᠠᠶᠢᠴᠠᠭᠠᠬᠤ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠱᠠᠭᠠᠷᠳᠠᠯᠭ᠎ᠠ ᠳᠤ ᠨᠡᠶᠢᠴᠡᠬᠦ ᠶᠢ ᠨᠢ ᠡᠷᠡᠰ ᠠᠳᠬᠤᠵᠤ᠂ ᠨᠡᠶᠢᠴᠡᠬᠦ ᠦᠭᠡᠢ ᠶᠢ ᠨᠢ ᠡᠷᠡᠰ ᠬᠢᠬᠦ ᠦᠭᠡᠢ ᠪᠠᠶᠢᠵᠤ᠂ ᠪᠤᠷᠤᠭᠤ ᠬᠢᠭᠰᠡᠨ ᠢ ᠨᠢ ᠴᠠᠭ ᠲᠤᠬᠠᠢ ᠳᠤᠨᠢ ᠵᠠᠯᠠᠷᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠪᠣᠯ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ᠃ ᠬᠠᠲᠤᠨ ᠭᠤᠣᠯ ᠳᠠᠭᠠᠤ ᠶᠢᠨ ᠡᠯ᠎ᠡ ᠭᠠᠵᠠᠷ ᠣᠷᠣᠨ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠲᠦᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠦᠬᠦ ᠲᠠᠯ᠎ᠠ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠤᠷᠲᠤ ᠬᠤᠭᠤᠴᠠᠭᠠᠨ ᠤ ᠪᠦᠲᠦᠮᠵᠢᠲᠦ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠦᠷᠭᠦᠯᠵᠢᠯᠡᠨ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ ᠪᠠᠲᠤᠯᠠᠭᠰᠠᠨ ᠪᠣᠯᠪᠠᠴᠤ ᠲᠣᠭᠲᠠᠭᠤᠨ ᠪᠤᠰᠤ ᠴᠢᠨᠠᠷᠲᠠᠢ ᠬᠦᠴᠦᠨ ᠵᠦᠢᠯ ᠮᠥᠨ ᠬᠦ ᠨᠡᠯᠢᠶᠡᠳ ᠣᠯᠠᠨ ᠪᠠᠶᠢᠨ᠎ᠠ᠂ ᠠᠵᠤ ᠠᠬᠤᠢ ᠶᠢᠨ ᠪᠠᠶᠢᠳᠠᠯ ᠢ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠵᠠᠳᠠᠯᠤᠨ ᠰᠤᠳᠤᠯᠵᠤ᠂ ᠬᠦᠴᠢᠷᠳᠡᠯ ᠪᠠ ᠠᠰᠠᠭᠤᠳᠠᠯ ᠢ ᠭᠦᠢᠴᠡᠳ ᠪᠣᠳᠣᠯᠬᠢᠯᠠᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠲᠣᠭᠲᠠᠭᠤᠨ ᠤ ᠳᠤᠮᠳᠠ᠂ ᠠᠬᠢᠯᠲᠠ ᠲᠠᠢ ᠪᠠᠶᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠨᠡᠩ ᠬᠦᠴᠦᠲᠡᠢ ᠠᠷᠭ᠎ᠠ ᠠᠪᠴᠠᠯ ᠠᠪᠴᠤ ᠠᠵᠤ ᠠᠬᠤᠢ ᠶᠢᠨ ᠡᠷᠭᠢᠯᠲᠡ ᠶᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠲᠤᠯᠠᠨ ᠰᠠᠶᠢᠵᠢᠷᠠᠭᠤᠯᠬᠤ ᠲᠥᠯᠥᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号