| 7 ᠰᠠᠷ᠎ᠠ ᠶᠢᠨ 20 ᠤ ᠡᠳᠦᠷ᠂ 2021 ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠡᠰ ᠤᠨ ᠲᠦᠷᠦᠭᠦᠴᠦᠳ ᠤᠨ ᠬᠤᠷᠠᠯ ᠵᠢᠴᠢ ᠪᠦᠬᠦ ᠤᠯᠤᠰ ᠤᠨ | ᠰᠢᠯᠢᠳᠡᠭ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠲᠡᠮᠵᠢᠨ ᠠᠬᠢᠭᠤᠯᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠭᠰᠠᠨ ᠪᠥᠭᠡᠳ ᠭᠤᠣᠯᠳᠠᠯᠭ᠎ᠠ ᠲᠠᠢ | ᠲᠦᠷᠦᠯ ᠵᠦᠢᠯ ᠳᠤ ᠭᠡᠷ᠎ᠡ ᠲᠣᠭᠲᠠᠬᠤ ᠶᠣᠰᠣᠯᠠᠯ ᠶᠠᠪᠤᠬᠳᠠᠭᠤᠯᠪᠠ᠃ | | ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠥᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠᠶᠠᠷ ᠤᠨ | ᠦᠭᠡ ᠬᠡᠯᠡᠵᠡᠢ᠃ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠪᠦᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠪᠠᠶᠢᠩᠭᠤ ᠶᠢᠨ ᠳᠡᠳ᠋ ᠲᠡᠷᠢᠭᠦᠯᠡᠭᠴᠢ ᠰᠢᠤᠢ ᠯᠧ ᠵᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠬᠤᠷᠠᠯ ᠳᠤ ᠣᠷᠣᠯᠴᠠᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠥᠪᠥᠷ ᠮᠣᠩᠭᠤᠯ ᠤᠨ | ᠠᠵᠤ ᠠᠬᠤᠶ ᠨᠡᠶᠢᠭᠡᠮ ᠤᠨ ᠬᠥᠭᠵᠢᠯᠲᠡ ᠪᠠ ᠪᠠᠯᠠ ᠣᠷᠣᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠳ᠋ᠤᠸᠠᠨ ᡁᠢ ᠴᠢᠶᠠᠩ ᠬᠤᠷᠠᠯ ᠢ ᠡᠷᠭᠢᠯᠡᠪᠡ᠃ | | ᠭᠤᠤ ᠶᠦᠨ ᠯᠦᠩ᠂ ᠶᠠᠭ ᠰᠠᠶᠢᠬᠠᠨ ᠤᠯᠤᠰ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠵᠠᠭᠤᠨ ᠵᠢᠯ ᠤᠨ ᠤᠢ ᠶᠢ ᠦᠪᠡᠳᠡᠭᠰᠢ | ᠶᠡᠭᠡ ᠪᠠᠷ ᠪᠡᠯᠭᠡᠯᠡᠵᠦ ᠪᠠᠶᠢᠭ᠎ᠠ ᠲᠠᠰᠢᠷᠠᠮ ᠳᠤ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ︽ | 2021 ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠡᠰ ᠤᠨ | ᠲᠦᠷᠦᠭᠦᠴᠦᠳ ᠤᠨ ᠬᠤᠷᠠᠯ ᠵᠢᠴᠢ ᠪᠦᠬᠦ ᠤᠯᠤᠰ ᠤᠨ ᠰᠢᠯᠢᠳᠡᠭ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠡᠮᠵᠢᠨ ᠠᠬᠢᠭᠤᠯᠬᠤ ᠶᠡᠭᠡ ᠬᠤᠷᠠᠯ︾ ᠢ | ᠡᠷᠬᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ | ᠶᠠᠷᠢᠶ᠎ᠠ ᠪᠣᠯᠤᠨ ︽ᠬᠢᠯᠢ ᠬᠢᠵᠠᠭᠠᠷ ᠣᠷᠣᠨ ᠤ ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠪᠠ ᠬᠡᠵᠤ ᠵᠢᠭᠠᠵᠤ | ᠭᠠᠷᠭᠠᠵᠠᠢ᠃ ᠲᠡᠷᠡ᠂ ᠨᠠᠮ ᠤᠨ ᠵᠠᠭᠤᠨ ᠵᠢᠯ ᠤᠨ ᠲᠡᠦᠬᠡ ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ | ᠪᠦᠬᠦ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠴᠦ᠂ ᠥᠭᠡᠷᠡᠴᠢᠯᠡᠯᠲᠡ ᠨᠡᠭᠡᠭᠡᠯᠳᠠ ᠪᠣᠯᠤᠨ ᠨᠡᠶᠢᠭᠡᠮ | ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ | ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠠᠮᠵᠢᠯᠲᠠ ᠪᠦᠲᠦᠮᠵᠢ ᠶᠢ ᠡᠭᠦᠳᠦᠭᠰᠡᠨ ᠲᠡᠮᠡᠴᠡᠯ ᠤᠨ ᠲᠡᠦᠬᠡ᠂ ᠦᠢᠯᠡᠰ ᠪᠤᠰᠬᠠᠬᠰᠠᠨ ᠲᠡᠦᠬᠡ ᠪᠣᠯᠤᠨ᠎ᠠ᠃ ᠪᠦᠯᠦᠭ | ᠪᠦᠯᠦᠭ ᠦᠨᠳᠦᠰᠦᠲᠡᠨ ᠤ ᠦᠢᠯᠡᠳᠪᠦᠷᠢ ᠬᠤᠳᠠᠯᠳᠤᠭᠠᠴᠢᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠮᠦᠰ ᠪᠡᠶᠡᠴᠢ ᠰᠡᠷᠡᠯ ᠤᠨ ᠬᠢᠨ ᠪᠠᠶᠢᠬᠰᠠᠨ ᠠᠴᠠ ᠪᠠᠨ ᠣᠶᠤᠨᠴᠢ ᠪᠠᠷ᠂ ᠠᠶᠠᠨᠳᠠᠭᠠᠨ ᠤ ᠪᠠᠶᠢᠬᠰᠠᠨ ᠠᠴᠠ | ᠤᠬᠠᠮᠰᠠᠷ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠰᠣᠩᠭᠤᠨ | ᠬᠦᠷᠢᠶᠡᠯᠡᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ | ᠰᠤᠩᠭᠤᠪᠠ᠃ ᠨᠠᠮ ᠤᠨ ᠵᠠᠭᠤᠨ ᠵᠢᠯ ᠤᠨ ᠥᠩᠭᠡᠷᠡᠯᠲᠡ ᠪᠣᠯ ᠪᠠᠰᠠ ᠴᠤ ᠥᠷᠭᠡᠨ ᠤᠯᠠᠨ ᠦᠢᠯᠡᠳᠪᠦᠷᠢ | ᠬᠤᠳᠠᠯᠳᠤᠭᠠᠨ ᠤ ᠡᠲᠡᠭᠡᠳ ᠤᠨ ᠬᠢᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ | ᠲᠥᠯᠥᠭᠡ ᠴᠥᠬᠦᠷᠡᠰᠢ ᠦᠭᠡᠢ ᠲᠡᠮᠡᠴᠡᠭᠰᠡᠨ ᠥᠩᠭᠡᠷᠡᠯᠲᠡ ᠮᠥᠨ᠃ ᠰᠢᠨ᠎ᠡ ᠱᠠᠳᠤ ᠦᠶ᠎ᠠ ᠶᠢᠨ ᠰᠢᠨ᠎ᠡ ᠠᠶᠠᠨ ᠳᠤ᠂ | ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠪᠦᠬᠦ ᠠᠷᠠᠳ ᠲᠦᠮᠡᠨ ᠤ ᠬᠠᠮᠲᠤ ᠪᠠᠷ | ᠴᠢᠨᠡᠭᠡᠯᠢᠭᠵᠢᠬᠦ ᠶᠢ ᠪᠡᠶᠡᠯᠡᠭᠦᠯᠬᠦ ᠶᠢᠨ ᠲᠥᠯᠥᠭᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃ | | ᠭᠤᠤ ᠶᠦᠨ ᠯᠦᠩ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ᠃ ᠥᠷᠭᠡᠨ ᠣᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ︽ᠳᠥᠷᠪᠡᠨ ᠤᠬᠠᠮᠰᠠᠷ︾ ᠢᠶᠠᠨ ᠴᠢᠷᠮᠠᠶᠢᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠥᠪᠡᠷ ᠤᠨ ᠰᠤᠷᠤᠯᠴᠠᠯᠭ᠎ᠠ᠂ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠳᠡᠭᠡᠭᠰᠢᠯᠡᠭᠦᠯᠬᠦ ᠶᠢ ᠴᠢᠩᠭᠠᠳᠬᠠᠵᠤ᠂ | ᠠᠵᠤ ᠦᠢᠯᠡᠰ ᠢᠶᠠᠷ ᠤᠯᠤᠰ ᠲᠠᠭᠠᠨ ᠠᠴᠢ ᠬᠠᠷᠢᠭᠤᠯᠠᠬᠤ᠂ ᠪᠤᠳᠠᠳᠤ ᠠᠵᠤ ᠦᠢᠯᠡᠰ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠷ ᠡᠭᠦᠷᠭᠡ ᠪᠠᠨ ᠪᠣᠯᠭᠠᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ | ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠤᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠠᠬᠤ ᠬᠡᠪ | ᠳᠠᠭᠤᠷᠢᠶᠠᠯ ᠪᠣᠯᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠵᠣᠷᠢᠭᠲᠠᠶ ᠪᠠᠷ | ᠥᠭᠡᠷᠡᠴᠢᠯᠡᠯᠲᠡ ᠬᠢᠵᠦ ᠤᠷᠤᠭᠰᠢᠯᠠᠨ ᠳᠡᠪᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠭᠤᠤᠯ ᠬᠥᠳᠡᠯᠭᠡᠬᠦ ᠬᠦᠴᠦᠨ ᠪᠣᠯᠭᠠᠵᠤ᠂ ᠦᠢᠯᠡᠳᠭᠦᠨ ᠪᠠ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ ᠪᠠᠷ ᠭᠤᠤᠯ ᠰᠢᠪᠲᠤᠯᠬᠤ ᠴᠢᠭᠯᠡᠯ ᠢᠶᠠᠨ ᠪᠣᠯᠭᠠᠵᠤ᠂ ᠭᠤᠤᠯ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠶ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠦᠯᠦ ᠮᠠᠷᠳᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ | ᠬᠡᠷᠡᠭᠲᠡᠶ᠃ ᠠᠮᠤᠷ ᠲᠦᠪᠰᠢᠨ ᠬᠢᠭᠡᠳ ᠬᠥᠭᠵᠢᠯᠲᠡ ᠶᠢᠨ ᠬᠤᠪᠢᠰᠤᠩᠭᠤᠢ ᠬᠠᠷᠢᠴᠠᠭ᠎ᠠ ᠶᠢ ᠦᠨᠡᠨ ᠬᠦ ᠡᠵᠡᠮᠳᠡᠵᠦ᠂ | ᠠᠵᠤ ᠠᠬᠤᠶᠢᠯᠠᠯ ᠤᠨ ᠬᠥᠭᠵᠢᠯᠲᠡ ᠬᠢᠭᠡᠳ ᠠᠵᠤ ᠠᠬᠤᠶᠢᠯᠠᠯ ᠤᠨ ᠠᠮᠤᠷ ᠲᠦᠪᠰᠢᠨ᠂ ᠤᠯᠤᠰ ᠤᠨ ᠠᠮᠤᠷ | ᠲᠦᠪᠰᠢᠨ ᠤ ᠬᠠᠷᠢᠴᠠᠭ᠎ᠠ ᠶᠢ ᠵᠤᠬᠢᠰᠳᠠᠢ ᠰᠢᠢᠳᠪᠦᠷᠢᠯᠡᠵᠦ᠂ ᠠᠮᠤᠷ ᠲᠦᠪᠰᠢᠨ ᠤ ᠤᠬᠠᠮᠰᠠᠷ ᠢᠶᠠᠨ ᠦᠨᠡᠨ ᠬᠦ | ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠳ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠠᠴᠠ ᠬᠦᠴᠦᠨ | ᠴᠢᠳᠠᠯ ᠰᠢᠩᠭᠡᠭᠡᠨ ᠠᠪᠴᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢ ᠲᠡᠮᠵᠢᠨ ᠠᠬᠢᠭᠤᠯᠬᠤ ᠬᠡᠷᠡᠭᠲᠡᠢ᠃ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠳᠤ | ᠢᠳᠡᠪᠬᠢᠲᠡᠢ ᠣᠷᠣᠯᠴᠠᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠦᠢᠯᠡᠰ᠂ ᠴᠡᠭ ᠲᠣᠭᠲᠠᠭᠠᠨ | ᠬᠠᠪᠰᠤᠷᠤᠨ ᠲᠡᠳᠬᠦᠬᠦ ᠵᠡᠷᠭᠡ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠦᠨᠳᠦᠰᠦᠲᠡᠨ ᠤ ᠭᠠᠵᠠᠷ | ᠣᠷᠣᠨ ᠤ ᠲᠠᠪᠠᠯᠳᠠᠳᠤ ᠬᠥᠭᠵᠢᠯᠲᠡ ᠶᠢ ᠠᠬᠢᠭᠤᠯᠬᠤ᠂ ᠬᠤᠳᠠ ᠬᠥᠳᠡᠭᠡ ᠶᠢᠨ ᠬᠠᠮᠲᠤ ᠶᠢᠨ ᠬᠥᠭᠵᠢᠯ ᠲᠠᠪᠰᠢᠯᠳᠠ ᠶᠢ | ᠠᠬᠢᠭᠤᠯᠬᠤ ᠲᠠᠯ᠎ᠠ ᠪᠠᠷ ᠰᠢᠨ᠎ᠡ ᠠᠵᠠ ᠲᠣᠬᠢᠶᠠᠯ ᠢ ᠡᠷᠢᠯᠬᠢᠯᠡᠵᠦ᠂ ᠰᠢᠨ᠎ᠡ ᠬᠤᠪᠢ ᠨᠡᠮᠡᠷᠢ ᠦᠵᠡᠭᠦᠯᠵᠦ᠂ | ᠨᠡᠶᠢᠭᠡᠮ ᠤᠨ ᠬᠠᠷᠢᠭᠤᠴᠠᠯᠭ᠎ᠠ ᠪᠠᠨ ᠲᠠᠰᠤᠷᠠᠯᠳᠠ ᠦᠭᠡᠢ ᠭᠦᠢᠴᠡᠳᠬᠡᠵᠦ᠂ ᠠᠵᠤ ᠠᠬᠤᠶᠢᠯᠠᠯ ᠤᠨ ᠡᠭᠦᠷᠭᠡᠯᠡᠯ ᠢᠶᠠᠨ | ᠦᠨᠡᠨ ᠬᠦ ᠢᠯᠡᠷᠡᠭᠦᠯᠬᠦ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠪᠠ᠃ | | ᠭᠤᠤ ᠶᠦᠨ ᠯᠦᠩ᠂ ᠡᠯ᠎ᠡ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ | ᠬᠤᠳᠠᠯᠳᠤᠭᠠᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠦᠷᠭᠦᠯᠵᠢᠯᠡᠨ ᠠᠵᠤ ᠠᠬᠤᠶᠢᠯᠠᠯ ᠤᠨ ᠥᠪᠥᠷ ᠮᠣᠩᠭᠤᠯ ᠢ | ᠪᠠᠭ᠋ᠠᠷᠬᠠᠵᠤ᠂ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠳᠤ ᠪᠡᠯᠡ ᠣᠷᠣᠭᠤᠯᠬᠤ ᠬᠥᠭᠦᠷᠭᠡ | ᠬᠤᠯᠪᠣᠭᠠᠰᠤ ᠨᠢ ᠪᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠨᠡᠨ ᠬᠦ ᠰᠠᠶᠢᠲᠤᠷ | ᠦᠢᠯᠡᠴᠢᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠣᠷᠣᠨ ᠪᠦᠰᠡ ᠶᠢᠨ ᠠᠵᠤ | ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ᠃ ᠬᠤᠶᠢᠰᠢᠳᠠ ᠪᠢᠳᠡ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠨᠠᠩ ᠣᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠥᠪᠥᠷ ᠮᠣᠩᠭᠤᠯ ᠳᠤ ᠢᠷᠡᠭᠦᠯᠵᠤ ᠪᠠᠯᠠ ᠣᠷᠣᠭᠤᠯᠤᠨ | ᠦᠢᠯᠡᠰ ᠪᠤᠰᠬᠠᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠤ ᠢᠯᠡᠳᠭᠡᠵᠠᠢ᠃ | | ᠱᠢ ᠲᠠᠢ ᠹᠧᠩ ᠪᠠᠶᠠᠷ ᠤᠨ ᠦᠭᠡᠨ ᠳᠡᠭᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ | ᠢᠯᠡᠳᠬᠡᠵᠦ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ | ᠲᠡᠷᠡ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ | ᠲᠡᠰ ᠤᠨ ᠲᠦᠷᠦᠭᠦᠴᠦᠳ ᠤᠨ ᠬᠤᠷᠠᠯ ᠪᠣᠯ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠦᠪᠡᠳᠡᠭᠰᠢ ᠶᠡᠭᠡ ᠬᠤᠷᠠᠯ | ᠮᠥᠨ᠂ ᠪᠠᠰᠠ ᠴᠤ ᠦᠵᠡᠯ ᠰᠠᠨᠠᠭ᠎ᠠ ᠪᠠᠨ ᠰᠣᠯᠢᠯᠴᠠᠬᠤ ᠦᠪᠡᠳᠡᠭᠰᠢ ᠶᠡᠭᠡ ᠲᠠᠶᠢᠯᠠᠯᠭ᠎ᠠ ᠮᠥᠨ᠂ ᠡᠨᠡ ᠤᠳᠠᠭ᠎ᠠ | ᠥᠪᠥᠷ ᠮᠣᠩᠭᠤᠯ ᠳᠤ ᠡᠷᠬᠢᠯᠡᠭᠰᠡᠨ ᠨᠢ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠥᠪᠥᠷ | ᠮᠣᠩᠭᠤᠯ ᠢ ᠬᠠᠶᠢᠷᠠᠯᠠᠨ ᠬᠠᠯᠠᠮᠵᠢᠯᠠᠵᠤ ᠪᠠᠶᠢᠬᠤ ᠪᠠ ᠬᠦᠴᠦᠲᠡᠢ ᠳᠡᠮᠵᠢᠵᠤ ᠪᠠᠶᠢᠬᠤ ᠶᠢ ᠭᠦᠢᠴᠡᠳ ᠬᠠᠷᠠᠭᠤᠯᠵᠤ | ᠪᠠᠶᠢᠨ᠎ᠠ᠃ ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ | ᠣᠷᠣᠨ ᠪᠠᠶᠢᠷᠢᠯᠠᠯ ᠨᠢ ᠥᠪᠡᠷᠮᠢᠴᠡ ᠤᠨᠴᠠᠭᠠᠢ᠂ ᠥᠩᠭᠡ ᠦᠵᠡᠮᠵᠢ ᠦᠵᠡᠰᠭᠦᠯᠡᠩᠲᠤ ᠰᠠᠶᠢᠬᠠᠨ ᠪᠠᠶᠢᠵᠤ᠂ ᠲᠠᠲᠠᠬᠤ | ᠬᠦᠴᠦᠨ ᠢᠶᠠᠷ ᠴᠢᠩᠭ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠠᠶᠢᠬᠠᠨ ᠭᠠᠵᠠᠷ᠂ ᠬᠢᠵᠠᠭᠠᠯᠠᠰᠢ ᠦᠬᠡᠢ | ᠳᠠᠯᠳᠠ ᠬᠦᠴᠦᠨ ᠲᠠᠢ᠂ ᠬᠤᠳᠠᠯᠳᠤᠭᠠᠨ ᠤ ᠠᠵᠠ ᠲᠣᠬᠢᠶᠠᠯ ᠢᠶᠠᠷ ᠤᠯᠠᠨ ᠪᠠᠯᠠ ᠣᠷᠣᠭᠤᠯᠤᠯᠲᠠ ᠶᠢᠨ ᠰᠢᠮᠡᠯᠢᠭ | ᠬᠦᠷᠦᠰᠦ ᠲᠠᠢ᠃ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠰᠢᠯᠢᠳᠡᠭ ᠰᠠᠶᠢᠨ ᠡᠬᠢ ᠪᠠᠶᠠᠯᠢᠭ ᠤᠨ | ᠨᠥᠬᠦᠴᠡᠯ ᠪᠠ ᠠᠵᠤ ᠦᠢᠯᠡᠰ ᠤᠨ ᠰᠠᠭᠤᠷᠢ ᠲᠠᠢ᠂ ᠪᠢᠳᠡ ᠶᠠᠭ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠵᠤ ᠪᠣᠶ᠂ ᠠᠵᠢᠯ ᠲᠥᠷᠥᠯ ᠨᠢᠬᠡᠳᠡᠢ ᠰᠢᠯᠢᠳᠡᠭ ᠠᠵᠤ | ᠠᠬᠤᠶᠢᠯᠠᠯ ᠤᠨ ᠰᠢᠨ᠎ᠡ ᠡᠨᠧᠷᠭᠢ ᠳᠤ ᠪᠠᠯᠠ ᠣᠷᠣᠭᠤᠯᠵᠤ᠂ ᠰᠢᠨ᠎ᠡ ᠡᠨᠧᠷᠭᠢ ᠶᠢ ᠪᠥᠲᠥᠭᠡᠨ ᠪᠠᠶᠢᠭᠤᠯᠵᠤ᠂ ᠥᠪᠥᠷ | ᠮᠣᠩᠭᠤᠯ ᠲᠠᠢ ᠬᠠᠮᠲᠤ ᠪᠠᠷ ᠤᠯᠤᠰ ᠤᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠬᠠᠯᠠᠭᠤᠨ ᠢᠶᠠᠷ | ᠤᠭᠲᠤᠵᠤ ᠪᠠᠶᠢᠨ᠎ᠠ᠃ ᠥᠪᠥᠷ ᠮᠣᠩᠭᠤᠯ ᠤᠨ ᠣᠲᠣ ᠦᠶ᠎ᠡ ᠶᠢᠨ ᠨᠡᠭᠦᠷᠡᠰᠦ ᠪᠠᠷ ᠬᠢᠮᠢ ᠶᠢᠨ ᠦᠢᠯᠡᠳᠬᠦᠨ | ᠦᠢᠯᠡᠳᠪᠦᠷᠢᠯᠡᠬᠦ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠡᠪᠴᠢᠶ᠎ᠡ ᠪᠥᠬᠦ | ᠤᠯᠤᠰ ᠲᠤ ᠲᠡᠷᠢᠭᠦᠯᠡᠵᠦ᠂ ᠨᠠᠩ ᠣᠯᠠᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠳ ᠬᠦᠷᠦᠯᠴᠡᠨ | ᠢᠷᠡᠵᠦ ᠭᠦᠨᠵᠡᠭᠡᠶ ᠬᠦᠳᠡᠯᠮᠦᠷᠢᠯᠡᠨ ᠨᠢᠮᠪᠠᠶ ᠠᠵᠢᠯᠯᠠᠵᠤ᠂ ᠪᠢᠳᠡᠨ ᠲᠠᠢ ᠬᠠᠮᠲᠤ ᠪᠠᠷ ᠴᠢᠨᠠᠷ ᠰᠠᠶᠢᠲᠠᠶ ᠡᠬᠢ | ᠪᠠᠶᠠᠯᠢᠭ ᠤᠨ ᠰᠠᠭᠤᠷᠢᠨ ᠳᠡᠭᠡᠷ᠎ᠡ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ | ᠥᠷᠲᠡᠭ ᠤᠨ ᠬᠡᠯᠬᠢᠶ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠬᠠᠯᠠᠭᠤᠨ ᠢᠶᠠᠷ ᠤᠭᠲᠤᠵᠤ ᠪᠠᠶᠢᠨ᠎ᠠ᠃ ᠥᠪᠥᠷ | ᠮᠣᠩᠭᠤᠯ ᠪᠣᠯ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠮᠥᠨ᠂ ᠲᠣᠮᠣ | ᠬᠡᠯᠪᠡᠷᠢ ᠶᠢᠨ ᠳ᠋ᠠᠶᠢᠲ᠋ᠠ ᠶᠢᠨ ᠲᠥᠪ ᠤᠨ ᠦᠢᠯᠡᠴᠢᠯᠡᠭᠦᠷ ᠤᠨ ᠮᠠᠰᠢᠨ ᠴᠤᠬᠴᠠᠯᠠᠪᠤᠷᠢ ᠶᠢᠨ ᠬᠡᠮᠵᠢᠶ᠎ᠠ ᠪᠥᠬᠦ ᠤᠯᠤᠰ ᠲᠤ | ᠲᠡᠷᠢᠭᠦᠯᠡᠵᠦ᠂ ᠪᠢᠳᠡ ᠶᠠᠭ ᠲᠣᠭᠠᠴᠢᠯᠠᠭᠰᠠᠨ ᠠᠵᠤ ᠠᠬᠤᠶ ᠶᠢ ᠶᠡᠭᠡ ᠪᠠᠷ ᠬᠥᠭᠵᠢᠭᠦᠯᠵᠦ ᠪᠤᠢ᠂ ᠥᠷᠭᠡᠨ ᠣᠯᠠᠨ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠤ ᠠᠬᠤᠶᠢᠯᠠᠯ ᠤᠳ ᠢᠷᠡᠵᠦ ᠪᠠᠯᠠ ᠣᠷᠣᠭᠤᠯᠤᠨ ᠦᠢᠯᠡᠰ ᠢᠶᠠᠨ | ᠪᠠᠶᠢᠷᠢᠰᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠥᠨᠳᠦᠷᠯᠢᠭ ᠢ ᠬᠠᠮᠲᠤ ᠪᠠᠷ ᠪᠥᠲᠥᠭᠡᠨ | ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠠᠰᠢᠭ ᠣᠯᠵᠠᠪᠤᠷᠢ ᠶᠢ ᠬᠠᠮᠲᠤ ᠪᠠᠷ ᠡᠳ᠋ᠯᠡᠬᠦ ᠶᠢ | ᠬᠠᠯᠠᠭᠤᠨ ᠢᠶᠠᠷ ᠤᠭᠲᠤᠵᠤ ᠪᠠᠶᠢᠨ᠎ᠠ᠃ ᠥᠪᠥᠷ ᠮᠣᠩᠭᠤᠯ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ | ᠬᠥᠭᠵᠢᠭᠦᠯᠬᠦ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠪᠠ ᠪᠣᠬᠢᠷᠲᠤᠯ ᠥᠬᠡᠶ ᠶᠢᠨ ᠳᠠᠪᠠᠭᠤᠯᠢᠭ ᠲᠠᠢ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠬᠦᠷᠢᠶ᠎ᠠ | ᠴᠠᠷᠠᠭᠠᠨ ᠳᠠᠬᠢ ᠨᠠᠩ ᠣᠯᠠᠨ ᠳᠠᠭᠠᠭᠤᠯᠤᠭᠴᠢ ᠠᠵᠤ ᠠᠬᠤᠶᠢᠯᠠᠯ ᠢᠷᠡᠵᠤ ᠨᠠᠷᠯᠢᠭ ᠡᠳ᠋ᠰᠢᠭᠦᠯᠦᠨ ᠪᠤᠯᠪᠠᠰᠤᠷᠠᠭᠤᠯᠬᠤ | ᠠᠵᠢᠯ ᠦᠢᠯᠡᠰ ᠢ ᠬᠦᠭᠵᠢᠬᠦᠯᠵᠤ᠂ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ | ᠡᠬᠢ ᠪᠠᠶᠠᠯᠢᠭ ᠢ ᠬᠠᠮᠲᠤ ᠪᠠᠷ ᠰᠠᠶᠢᠲᠤᠷ ᠨᠡᠭᠡᠭᠡᠨ ᠠᠰᠢᠬᠯᠠᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ᠃ ᠥᠪᠥᠷ | ᠮᠣᠩᠭᠤᠯ ᠳᠤ ᠡᠯᠪᠡᠭ ᠪᠠᠶᠠᠯᠢᠭ ᠣᠯᠠᠨ ᠶᠠᠩᠵᠤ ᠶᠢᠨ ᠠᠮᠢ ᠠᠬᠤᠶ ᠶᠢᠨ ᠰᠢᠰᠲ᠋ᠧᠮ᠂ ᠰᠦᠷᠯᠢᠭ ᠰᠠᠶᠢᠬᠠᠨ | ᠪᠠᠶᠢᠭᠠᠯᠢ ᠶᠢᠨ ᠥᠩᠭᠡ ᠦᠵᠡᠮᠵᠢ ᠲᠠᠢ᠂ ᠪᠢᠳᠡ ᠶᠠᠭ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ | ᠤᠯᠠᠷᠢᠯ ᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠵᠦ ᠪᠠᠶᠢᠨ᠎ᠠ᠂ ᠨᠠᠩ ᠣᠯᠠᠨ ᠲᠣᠮᠣ ᠬᠡᠯᠪᠡᠷᠢ ᠶᠢᠨ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠪᠠ ᠡᠯ᠎ᠡ ᠲᠥᠷᠥᠯ ᠤᠨ ᠬᠥᠷᠥᠩᠭᠡ ᠶᠢᠨ ᠢᠷᠡᠵᠤ ᠴᠢᠨᠠᠷ ᠰᠠᠶᠢᠲᠠᠶ | ᠵᠢᠭᠤᠯᠴᠢᠯᠠᠯ ᠤᠨ ᠦᠢᠯᠡᠳᠭᠦᠨ ᠪᠠ ᠦᠢᠯᠡᠴᠢᠯᠡᠭᠡ ᠶᠢ ᠪᠠᠯᠠ ᠣᠷᠣᠭᠤᠯᠤᠨ ᠨᠡᠭᠡᠭᠡᠨ ᠬᠦᠭᠵᠢᠭᠦᠯᠵᠤ᠂ ᠨᠠᠩ ᠣᠯᠠᠨ | ᠵᠢᠭᠤᠯᠴᠢᠯᠠᠭᠰᠠᠳ ᠲᠤ ᠥᠪᠥᠷ ᠮᠣᠩᠭᠤᠯ ᠢ ᠣᠶᠢᠯᠠᠭᠠᠭᠤᠯᠵᠤ᠂ ᠥᠪᠥᠷ ᠮᠣᠩᠭᠤᠯ ᠳᠤ ᠢᠷᠡᠭᠦᠯᠵᠤ᠂ ᠥᠪᠥᠷ | ᠮᠣᠩᠭᠤᠯ ᠳᠤ ᠬᠠᠶᠢᠷᠠᠳᠠᠢ ᠪᠤᠯᠭᠠᠬᠤ ᠶᠢ ᠬᠠᠯᠠᠭᠤᠨ ᠢᠶᠠᠷ ᠤᠭᠳᠤᠵᠤ ᠪᠠᠶᠢᠨ᠎ᠠ᠃ ᠥᠪᠥᠷ ᠮᠣᠩᠭᠤᠯ ᠣᠨᠴᠠᠭᠠᠶ | ᠣᠷᠣᠨ ᠪᠠᠶᠢᠷᠢᠯᠠᠯ ᠤᠨ ᠳᠠᠪᠠᠭᠤᠯᠢᠭ ᠲᠠᠢ᠂ ᠪᠡᠭᠡᠵᠢᠩ ᠳᠤ ᠣᠷᠣᠬᠤ ᠣᠯᠠᠨ ᠵᠤᠷᠪᠤᠰ ᠲᠦᠷᠭᠡᠨ ᠤ ᠲᠡᠮᠦᠷ ᠵᠠᠮ | ᠨᠢᠭᠡᠨᠲᠡ ᠨᠡᠪᠲᠡᠷᠡᠵᠦ᠂ ᠪᠢᠳᠡ ᠶᠠᠭ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠢ | ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ | ᠨᠡᠪᠲᠡᠷᠡᠯᠴᠡᠭᠦᠯᠦᠭᠰᠡᠨ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠠᠶᠢᠭᠤᠯᠵᠤ ᠪᠣᠶ᠂ ᠨᠠᠩ ᠣᠯᠠᠨ | ᠠᠵᠤ ᠠᠬᠤᠶᠢᠯᠠᠯᠲᠠᠨ ᠨᠠᠶᠢᠵᠠ ᠨᠠᠷ ᠤᠨ ᠣᠷᠣᠯᠴᠠᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠣᠯᠤᠨ | ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠬᠦ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠤᠯᠤᠰ ᠤᠨ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠠᠩ ᠰᠠᠶᠢᠳᠤᠷ ᠦᠢᠯᠡᠴᠢᠯᠡᠬᠦ ᠪᠠ ᠠᠭᠤᠰᠤᠯᠴᠠᠬᠤ ᠳᠤᠮᠳᠠ | ᠰᠢᠨ᠎ᠡ ᠶᠢ ᠬᠥᠭᠵᠢᠯᠲᠡ ᠶᠢᠨ ᠳᠠᠪᠠᠭᠤᠯᠢᠭ ᠢ ᠡᠬᠦᠳᠦᠨ ᠨᠡᠮᠡᠭᠳᠡᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠶ ᠶᠢ | ᠥᠷᠭᠡᠳᠬᠡᠬᠦ ᠶᠢ ᠬᠠᠯᠠᠭᠤᠨ ᠢᠶᠠᠷ ᠤᠬᠳᠤᠵᠤ ᠪᠠᠶᠢᠨ᠎ᠠ᠃ ᠪᠢᠳᠡ ᠯᠠᠪᠲᠠᠶ ᠥᠪᠥᠷ ᠮᠣᠩᠭᠤᠯ ᠳᠤ ᠪᠠᠯᠠ ᠣᠷᠣᠭᠤᠯᠤᠨ | ᠬᠥᠭᠵᠢᠭᠦ ᠪᠠᠷ ᠢᠷᠡᠭᠰᠡᠨ ᠪᠣᠶ ᠪᠥᠬᠦᠶ ᠠᠵᠤ ᠠᠬᠤᠶᠢᠯᠠᠯ ᠳᠤ ᠬᠦᠴᠦᠲᠡᠶ ᠪᠠᠲᠤᠯᠠᠭ᠎ᠠ ᠪᠠ ᠴᠢᠨᠠᠷ ᠰᠠᠶᠢᠲᠠᠶ | ᠦᠢᠯᠡᠴᠢᠯᠡᠭᠡ ᠬᠠᠩᠭᠠᠵᠤ᠂ ᠨᠠᠩ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ | ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠤ | ᠠᠬᠤᠶᠢᠯᠠᠯᠲᠠᠨ ᠨᠠᠶᠢᠵᠠ ᠨᠠᠷ ᠢ ᠦᠨᠡᠨ ᠬᠦ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠦᠢᠯᠡᠰ ᠪᠤᠰᠬᠠᠵᠤ | ᠂ ᠤᠷᠤᠭᠰᠢᠲᠠᠶ ᠬᠥᠭᠵᠢᠭᠦ ᠶᠢ ᠪᠡᠶᠡᠯᠡᠬᠦᠯᠦᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠪᠣᠯ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠂ | ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠦᠴᠦᠷᠬᠡᠭ | ᠶᠡᠭᠡ ᠬᠥᠳᠡᠯᠭᠡᠬᠦ ᠬᠦᠴᠦᠨ ᠮᠥᠨ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ | ᠠᠵᠤ ᠠᠬᠤᠶ ᠶᠢ ᠬᠥᠭᠵᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠬᠠᠤ ᠶᠢ | ᠡᠷᠡᠰ ᠭᠤᠶᠢᠪᠢᠰᠢ ᠥᠬᠡᠶ᠂ ᠪᠥᠬᠦ ᠬᠦᠴᠦᠨ ᠢᠶᠠᠷ ᠢᠶᠠᠨ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ | ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠩ ᠥᠷᠭᠡᠨ ᠠᠭᠤᠳᠠᠮ ᠲᠠᠪᠴᠠᠩ ᠲᠡᠶᠢᠰᠢ | ᠤᠷᠤᠭᠰᠢᠯᠠᠬᠤ ᠶᠢ ᠠᠬᠢᠭᠤᠯᠤᠨ᠎ᠠ ᠬᠡᠵᠡᠢ᠃ | | ᠬᠤᠷᠠᠯ ᠳᠡᠭᠡᠷ᠎ᠡ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ | ᠲᠡᠷᠢᠭᠦᠯᠡᠭᠴᠢ᠂ ᠵᠧᠩ ᠲᠠᠢ ᠪᠦᠯᠦᠭᠯᠡᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠨᠠᠨ ᠼᠦᠨ ᠬᠤᠶ᠂ ᠳᠤᠮᠳᠠᠳᠤ ᠤᠯᠤᠰ ᠤᠨ ᠠᠷᠠᠳ ᠤᠨ ᠬᠤᠳᠠᠯᠳᠤᠭᠠᠴᠢᠳ ᠤᠨ ᠡᠪᠯᠡᠯ ᠤᠨ ᠳᠡᠳ᠋ | ᠳᠠᠷᠤᠭ᠎ᠠ᠂ ᠷᠦᠩ ᠮᠢᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠱᠢ ᠬᠦᠶ ᠯᠦ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠢᠯᠢ ᠠᠵᠤ | ᠦᠢᠯᠡᠰ ᠤᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ᠂ ᠶᠡᠷᠦᠩᠬᠡᠶ ᠵᠠᠬᠢᠷᠤᠭᠴᠢ ᠫᠠᠨ ᠭᠠᠩ᠂ ᠣᠨᠴᠠ ᠬᠦᠴᠦᠳᠡᠯ ᠥᠭᠡᠷᠡᠴᠢᠯᠡᠬᠦ ᠴᠠᠬᠢᠯᠭᠠᠨ ᠤ | ᠠᠵᠤ ᠦᠢᠯᠡᠳᠪᠦᠷᠢ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠵᠠᠩ ᠰᠢᠨ ᠭᠤᠤᠯ ᠵᠤᠷᠢᠯᠳᠠᠳᠤ ᠶᠠᠷᠢᠶ᠎ᠠ ᠲᠠᠯᠪᠢᠪᠠ᠃ | | ᠶᠡᠭᠡ ᠬᠤᠷᠠᠯ ᠳᠡᠭᠡᠷ᠎ᠡ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠬᠳᠠᠭᠤᠯᠪᠠ᠃ | ᠲᠣᠰ ᠤᠳᠠᠭ᠎ᠠ ᠶᠢᠨ ᠶᠡᠭᠡ ᠬᠤᠷᠠᠯ ᠨᠢ ᠪᠥᠬᠦ ᠣᠷᠣᠨ ᠤ 12 ᠠᠶᠢᠮᠠᠭ ᠬᠤᠲᠠ ᠶᠢᠨ ᠭᠡᠷ᠎ᠡ ᠲᠣᠭᠲᠠᠵᠤ ᠪᠠᠯᠠ | ᠣᠷᠣᠭᠤᠯᠤᠨ ᠬᠠᠮᠲᠤᠷᠠᠯᠴᠠᠬᠤ 138 ᠲᠥᠷᠥᠯ ᠵᠦᠢᠯ ᠢ ᠵᠣᠬᠢᠶᠠᠨ ᠪᠠᠶᠢᠭᠤᠯᠵᠤ᠂ ᠡᠨᠧᠷᠭᠢ᠂ ᠲᠠᠷᠢᠶᠠᠯᠠᠩ ᠮᠠᠯ ᠠᠵᠤ | ᠠᠬᠤᠶ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠭᠠᠴᠢᠯᠠᠭᠰᠠᠨ ᠠᠵᠤ ᠠᠬᠤᠶ᠂ ᠲᠣᠨᠤᠭ | ᠲᠥᠬᠦᠭᠡᠷᠦᠮᠵᠢ ᠦᠢᠯᠡᠳᠬᠦ᠂ ᠪᠠᠷᠢᠯᠭ᠎ᠠ ᠶᠢᠨ ᠮᠠᠲ᠋ᠧᠷᠢᠶᠠᠯ ᠬᠢᠮᠢ ᠶᠢᠨ ᠠᠵᠤ ᠦᠢᠯᠡᠳᠪᠦᠷᠢ᠂ ᠰᠠᠭᠤᠷᠢ ᠲᠦᠬᠦᠬᠡᠷᠦᠮᠵᠢ | ᠂ ᠰᠣᠶᠣᠯ ᠵᠢᠭᠤᠯᠴᠢᠯᠠᠯ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠮᠠᠨᠳᠤᠭᠰᠠᠨ ᠠᠵᠤ ᠦᠢᠯᠡᠰ ᠵᠡᠷᠭᠡ 12 ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠤᠯᠪᠣᠭᠳᠠᠵᠠᠶ᠃ | ᠲᠥᠷᠥᠯ ᠵᠦᠢᠯ ᠤᠨ ᠭᠡᠷ᠎ᠡ ᠶᠢᠨ ᠬᠡᠯᠡᠯᠴᠡᠭᠡᠷ ᠲᠤ ᠵᠢᠩᠬᠢᠨᠢ ᠬᠡᠯᠡᠯᠴᠡᠭᠡᠷ ᠲᠤᠬᠳᠠᠬᠰᠠᠨ ᠲᠥᠷᠥᠯ ᠵᠦᠢᠯ 42᠂ | ᠪᠦᠳᠦᠭᠦᠪᠴᠢ ᠬᠡᠯᠡᠯᠴᠡᠭᠡᠷ ᠲᠤᠬᠳᠠᠬᠰᠠᠨ ᠲᠥᠷᠥᠯ ᠵᠦᠢᠯ 96 ᠪᠣᠶ᠃ ᠡᠭᠦᠨ ᠳᠤ᠂ ᠳᠡᠯᠡᠬᠡᠶ ᠶᠢᠨ 500 | ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠳᠤᠮᠳᠠᠳᠤ ᠤᠯᠤᠰ ᠤᠨ ᠠᠷᠠᠳ ᠤᠨ ᠡᠵᠡᠩᠨᠠᠯᠳᠠ ᠶᠢᠨ | 500 ᠬᠦᠴᠦᠷᠬᠡᠭ ᠳᠤ ᠬᠤᠯᠪᠤᠬᠳᠠᠬᠰᠠᠨ ᠲᠥᠷᠥᠯ ᠵᠦᠢᠯ 32 ᠪᠤᠢ᠃ ᠡᠳᠡᠭᠡᠷ ᠲᠦᠷᠦᠯ ᠵᠦᠢᠯ ᠤᠨ ᠪᠡᠯᠡ | ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠨᠢ ᠥᠪᠥᠷ ᠮᠣᠩᠭᠤᠯ ᠤᠨ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠶᠢ ᠡᠭᠦᠳᠬᠦ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ | ᠦᠵᠡᠭᠦᠯᠬᠦ ᠨᠢ ᠯᠠᠪᠲᠠᠢ ᠶᠤᠮ᠃ | | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠳᠤᠮᠳᠠᠳᠤ | ᠤᠯᠤᠰ ᠤᠨ ᠠᠷᠠᠳ ᠤᠨ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠥᠩᠭᠡᠷᠡᠭᠰᠡᠨ ᠬᠤᠭᠤᠴᠠᠭᠠᠨ ᠤ | ᠬᠡᠰᠡᠭ ᠠᠵᠤ ᠠᠬᠤᠶᠢᠯᠠᠯᠲᠠᠨ ᠤ ᠳᠡᠳ᠋ ᠲᠡᠷᠢᠭᠦᠯᠡᠭᠴᠢ᠂ ᠳᠡᠳ᠋ ᠡᠪᠯᠡᠯ ᠤᠨ ᠳᠠᠷᠤᠭ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠦᠪᠯᠡᠯ ᠤᠨ ᠪᠠᠶᠢᠩᠭᠤ ᠶᠢᠨ ᠭᠡᠰᠢᠭᠦᠨ᠂ ᠬᠤᠯᠪᠣᠭᠳᠠᠯ ᠪᠦᠬᠦᠢ | ᠮᠤᠵᠢ ᠶᠢᠨ ᠲᠡᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ᠂ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ︽ᠭᠤᠷᠪᠠᠨ ᠣᠷᠣᠨ ᠭᠤᠷᠪᠠᠨ ᠵᠧᠦ︾ ᠶᠢᠨ ᠲᠤᠰᠬᠠᠢ ᠣᠷᠣᠨ ᠤ ᠲᠡᠰ ᠤᠨ ᠬᠤᠳᠠ | ᠪᠠ ᠵᠢᠶᠠᠩᠰᠢ ᠮᠤᠵᠢ ᠶᠢᠨ ᠭᠠᠨᠵᠸᠤ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠬᠠᠷᠢᠭᠤᠴᠠᠯᠭᠠᠲᠠᠨ ᠨᠥᠬᠦᠳ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠪᠠᠶᠢᠭᠤᠯᠭ᠎ᠠ ᠶᠢᠨ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠰᠢᠭᠤᠳ ᠬᠠᠷᠢᠶ᠎ᠠ ᠬᠤᠳᠠᠯᠳᠤᠭᠠᠴᠢᠳ ᠤᠨ | ᠡᠪᠯᠡᠯ ᠤᠨ ᠬᠠᠷᠢᠭᠤᠴᠠᠯᠭᠠᠲᠠᠨ ᠨᠥᠬᠦᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ | ᠬᠤᠲᠠ ᠪᠣᠯᠤᠨ ᠮᠠᠨᠵᠤᠤᠷ᠂ ᠡᠷᠢᠶᠡᠨ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ | ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ | ᠣᠷᠣᠨ ᠳᠤ ᠰᠠᠭᠤᠭ᠎ᠠ ᠡᠯ᠎ᠡ ᠲᠣᠮᠣ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ ᠠᠬᠤᠶᠢᠯᠠᠯᠲᠠᠨ ᠤ | ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ᠂ ᠡᠪᠯᠡᠯ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠡᠯ᠎ᠡ ᠬᠤᠳᠠᠯᠳᠤᠭᠠᠴᠢᠳ ᠤᠨ ᠡᠪᠯᠡᠯ᠂ ᠦᠬᠡᠷ᠎ᠡ ᠬᠤᠲᠠ ᠶᠢᠨ ᠬᠤᠳᠠᠯᠳᠤᠭᠠᠴᠢᠳ ᠤᠨ ᠡᠪᠯᠡᠯ ᠤᠨ | ᠳᠠᠷᠤᠭ᠎ᠠ᠂ ᠡᠪᠯᠡᠯ ᠤᠨ ᠳᠡᠳ᠋ ᠳᠠᠷᠤᠭ᠎ᠠ᠂ ᠪᠦᠬᠦ ᠤᠯᠤᠰ ᠤᠨ ᠠᠷᠠᠳ ᠤᠨ ᠡᠵᠡᠩᠨᠡᠯᠲᠡ ᠶᠢᠨ ᠰᠢᠯᠢᠳᠡᠭ ᠬᠦᠴᠦᠷᠬᠡᠭ | ᠠᠵᠤ ᠠᠬᠤᠶᠢᠯᠠᠯ ᠤᠨ ᠲᠥᠯᠥᠭᠡᠯᠡᠭᠴᠢ 700 ᠭᠠᠷᠤᠢ ᠬᠥᠮᠦᠨ ᠬᠤᠷᠠᠯ ᠳᠤ ᠣᠷᠣᠯᠴᠠᠪᠠ᠃ | | ᠡᠭᠦᠨ ᠠᠴᠠ ᠡᠮᠦᠨ᠎ᠡ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ | ᠪᠡᠭᠡᠵᠢᠩ ᠳᠤ ᠲᠤᠰᠬᠠᠶᠢᠯᠠᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠲᠡᠮᠵᠢᠨ ᠠᠬᠢᠭᠤᠯᠬᠤ | ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ︾ ᠢ ᠡᠷᠬᠢᠯᠡᠵᠤ᠂ | ᠥᠪᠥᠷ ᠮᠣᠩᠭᠤᠯ ᠢ ᠤᠬᠠᠭᠤᠯᠤᠨ ᠲᠠᠨᠢᠯᠴᠠᠭᠤᠯᠬᠤ᠂ ᠥᠪᠥᠷ ᠮᠣᠩᠭᠤᠯ ᠤᠨ ᠠᠷᠠᠯᠵᠢᠶᠠᠴᠢᠨ ᠤᠷᠢᠵᠤ ᠪᠠᠯᠠ ᠮᠦᠩᠬᠦ | ᠤᠷᠤᠭᠤᠯᠤᠨ ᠠᠪᠴᠢᠷᠠᠬᠤ ᠳᠤ ᠬᠦᠴᠦᠨ ᠨᠡᠮᠡᠷᠢᠯᠡᠬᠦ ᠳᠤ ᠲᠠᠪᠴᠠᠩ ᠬᠠᠩᠭᠠᠭᠰᠠᠨ ᠪᠠᠶᠢᠨ᠎ᠠ᠃ | |