2021 ᠣᠨ ᠤ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/7/27
           7 ᠰᠠᠷ᠎ᠠ ᠶᠢᠨ 23 ᠤ ᠡᠳᠤᠷ᠂ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠨᠡᠶᠢᠭᠡᠮᠯᠢᠭ᠂ ᠬᠥᠬᠡᠬᠤᠲᠠ ᠶᠢᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠲᠤᠷᠠᠨ ᠡᠷᠬᠢᠯᠡᠭᠰᠡᠨ 2021 ᠣᠨ ᠤ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠬᠥᠬᠡᠬᠤᠲᠠ ᠶᠢᠨ ᠴᠡᠯᠡᠭᠡᠷ ᠲᠠᠯ᠎ᠠ ᠶᠢᠨ ᠮᠢᠩᠭᠠᠨ ᠬᠥᠮᠦᠨ ᠤ ᠬᠤᠷᠠᠯ ᠤᠨ ᠲᠥᠪ ᠲᠤ ᠡᠬᠢᠯᠡᠪᠡ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃         ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠳᠤᠮᠳᠠᠳᠤ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠨ᠂ ᠡᠷᠳᠡᠮᠲᠡᠨ ᠪᠣᠯᠤᠨ ᠠᠵᠤ ᠠᠬᠤᠶᠢᠯᠠᠯᠲᠠᠨ ᠠᠳᠡ ᠴᠤᠭᠯᠠᠷᠠᠵᠦ᠂ ᠰᠦ ᠶᠢᠨ ᠦᠢᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ ᠬᠠᠮᠲᠤ ᠳᠤᠨᠢ ︽ᠬᠥᠬᠡᠬᠤᠲᠠ ᠶᠢᠨ ᠰᠦ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ ᠢ ᠡᠳ᠋ᠰᠢᠬᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠰᠦᠷᠦᠭᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠨᠡᠶᠢᠲᠡᠯᠡᠵᠡᠢ᠃        ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠪᠥᠬᠦ ᠬᠤᠲᠠ ᠶᠢᠨ ᠬᠦᠴᠦᠨ ᠢᠶᠠᠨ ᠳᠠᠶᠢᠴᠢᠯᠠᠨ ︽ᠮᠢᠩᠭᠠᠨ ᠳ᠋ᠦᠩᠰᠢᠭᠤᠷ ᠲᠠᠰ ᠤᠨ ᠰᠦ ᠶᠢᠨ ᠠᠵᠤ ᠦᠢᠯᠡᠰ ᠤᠨ ᠰᠦᠷᠦᠭᠵᠢᠯ︾ ᠢ ᠴᠣᠭᠴᠠᠯᠠᠵᠤ᠂ ᠰᠦ ᠶᠢᠨ ᠦᠢᠯᠡᠰ ᠲᠤᠨᠢ ᠰᠢᠨ᠎ᠡ ᠶᠢ ᠡᠭᠦᠳᠬᠦ ᠬᠥᠲᠥᠯᠥᠨ ᠳᠠᠭᠠᠭᠤᠯᠬᠤ ᠬᠢᠷᠢ ᠲᠦᠪᠰᠢᠨ ᠥᠨᠳᠥᠷ᠂ ᠠᠵᠤ ᠦᠢᠯᠡᠰ ᠤᠨ ᠰᠦᠷᠦᠭᠵᠢᠯ ᠤᠨ ᠬᠡᠪᠴᠢᠶ᠎ᠡ ᠶᠡᠭᠡ᠂ ᠠᠵᠤ ᠦᠢᠯᠡᠰ ᠤᠨ ᠬᠥᠭᠵᠢᠯᠲᠡ ᠶᠢᠨ ᠪᠦᠲᠦᠴᠡ ᠰᠢᠯᠢᠳᠡᠭ᠂ ᠪᠣᠬᠢᠷᠲᠤᠯ ᠥᠬᠡᠶ ᠬᠥᠭᠵᠢᠵᠦ ᠠᠮᠢ ᠠᠬᠤᠶ ᠭᠤᠶᠣᠵᠢᠬᠰᠠᠨ ᠳᠥᠷᠪᠡᠨ ᠲᠣᠪᠤᠶᠢᠮ᠎ᠠ ᠣᠨᠴᠠᠯᠢᠭ ᠢᠯᠡᠷᠡᠪᠡ᠃ ᠬᠥᠬᠡᠬᠤᠲᠠ ᠡᠨᠡ ᠤᠳᠠᠭ᠎ᠠ ᠶᠢᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠢᠶᠠᠷ ᠰᠢᠨ᠎ᠠ ᠭᠠᠷᠤᠭ᠎ᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠦᠢᠯᠡᠰ ᠤᠨ ᠬᠤᠭᠤᠷᠤᠨᠳᠤᠬᠢ ᠬᠥᠭᠦᠷᠭᠡ ᠬᠤᠯᠪᠤᠭᠠᠰᠤ ᠶᠢ ᠴᠣᠭᠴᠠᠯᠠᠵᠤ᠂ ᠨᠡᠩ ᠤᠯᠠᠨ ᠬᠦᠷᠢᠶ᠎ᠡ ᠴᠠᠷᠠᠭ᠎ᠠ᠂ ᠨᠡᠩ ᠭᠦᠨ ᠳᠠᠪᠬᠤᠷᠭ᠎ᠠ ᠶᠢᠨ ᠥᠷᠭᠡᠨ ᠳᠡᠯᠭᠡᠷ ᠬᠠᠮᠲᠤᠷᠠᠯᠴᠠᠭ᠎ᠠ ᠶᠢ ᠤᠭᠲᠤᠨ ᠠᠪᠴᠢᠷᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠣᠷᠣᠨ ᠤ ᠲᠥᠪ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠩ ᠥᠷᠭᠡᠨ᠂ ᠨᠡᠩ ᠭᠦᠨ᠂ ᠨᠡᠩ ᠥᠨᠳᠥᠷ ᠲᠦᠪᠰᠢᠨ ᠲᠡᠶᠢᠰᠢ ᠬᠥᠭᠵᠢᠬᠦ ᠳᠤ ᠬᠥᠬᠡᠬᠤᠲᠠ ᠶᠢᠨ ᠬᠤᠪᠢ ᠨᠡᠮᠡᠷᠢ ᠪᠠᠨ ᠦᠵᠡᠭᠦᠯᠬᠦ ᠶᠢ ᠦᠨᠡᠨ ᠬᠦ ᠬᠦᠰᠡᠭᠰᠡᠨ ᠪᠠᠶᠢᠨ᠎ᠠ᠃        ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠰᠦ ᠶᠢᠨ ᠪᠦᠲᠦᠭᠡᠭᠳᠡᠭᠦᠨ ᠤ ᠠᠮᠢᠳᠤ ᠪᠣᠳᠠᠰ ᠤᠨ ᠮᠡᠷᠭᠡᠵᠢᠯ ᠬᠢᠭᠡᠳ ᠢᠨᠵᠧᠨᠧᠷᠢᠩ ᠤᠨ ᠬᠠᠮᠲᠤᠷᠠᠭᠰᠠᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠬᠠᠮᠳᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠤᠷᠤ ᠲᠦᠯᠦᠪ ᠤᠨ ᠵᠥᠪᠯᠡᠯᠴᠡᠭᠡᠷ ᠲᠤ ᠭᠠᠷ ᠤᠨ ᠦᠰᠦᠭ ᠵᠢᠷᠤᠵᠠᠢ᠃        ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳ᠋ᠠᠯᠢᠶᠠᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠦᠹᠧᠰᠰᠤᠷ ᠵᠦ ᠪᠸᠢ ᠸᠧᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠵᠢᠶᠠᠩᠨᠠᠨ ᠶᠡᠭᠡ ᠰᠤᠷᠭᠠᠭᠤᠯᠢ ᠶᠢᠨ ᠵᠠᠬᠢᠷᠤᠯ ᠴᠧᠨ ᠸᠧᠢ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠦᠷᠦᠯ ᠵᠦᠢᠯ ᠢ ᠬᠦᠷᠳᠡᠭᠴᠢ᠂ ᠴᠠᠩ ᠵᠢᠶᠠᠩ ᠡᠷᠳᠡᠮᠲᠡᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠦᠹᠧᠰᠰᠤᠷ ᠵᠠᠩ ᠡᡁᠧ ᠫᠢᠩ ᠥᠪᠡᠷ ᠤᠨ ᠬᠦᠷᠢᠶ᠎ᠠ ᠴᠠᠷᠠᠭᠠᠨ ᠳᠠᠬᠢ ᠰᠤᠳᠤᠯᠭᠠᠨ ᠤ ᠴᠢᠭᠯᠡᠯ ᠤᠨ ᠢᠶᠠᠨ ᠲᠣᠭᠤᠷᠢᠨ ᠳᠤ ᠲᠤᠰ ᠲᠤᠰ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠡᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号